ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠲᠠᠯ᠎ᠠ ᠪᠠᠷ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠬᠢᠭᠡᠳ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠤᠪᠢ ᠶᠢᠨ | ᠡᠵᠡᠩᠨᠡᠭᠰᠡᠨ ᠴᠢᠯᠠᠭᠤᠨ ᠲᠣᠰᠣ ᠬᠢᠮᠢ ᠶᠢᠨ ᠠᠵᠤ ᠠᠬᠤᠶᠢᠯᠠᠯ ᠳᠤ ᠴᠢᠭᠯᠡᠭᠦᠯᠦᠨ ︽ᠲᠣᠤᠷ ᠲᠠᠲᠠᠬᠤ ᠮᠠᠶ᠋ᠢᠭ︾ ᠤᠨ ᠠᠮᠤᠷ ᠲᠦᠪᠰᠢᠨ ᠤ ᠪᠠᠶᠢᠴᠠᠭᠠᠯᠲᠠ ᠶᠢᠨ | ᠲᠤᠰᠬᠠᠶ ᠠᠵᠢᠯᠯᠠᠭ᠎ᠠ ᠥᠷᠨᠢᠭᠦᠯᠵᠦ᠂ ︽ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ᠂ ᠪᠥᠬᠦ ᠬᠦᠷᠢᠶ᠎ᠡ ᠴᠠᠷᠠᠭ᠎ᠠ ᠶᠢ ᠬᠠᠮᠤᠷᠴᠤ᠂ ᠥᠴᠦᠬᠡᠨ ᠴᠦ ᠠᠭᠤᠴᠢᠯᠠᠬᠤ | ᠥᠬᠡᠶ ᠴᠡᠭᠴᠡᠯᠡᠨ ᠵᠠᠰᠠᠬᠤ︾ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠶᠤᠯᠭᠦᠶ ᠦᠢᠯᠡᠳᠪᠦᠷᠢᠯᠡᠯ ᠪᠠ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ︽ᠬᠤᠤᠰ | ᠳᠠᠭᠠᠳᠬᠠᠯ︾ ᠢ ᠴᠢᠩᠭᠠᠳᠬᠠᠪᠠ᠃ | | | | ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠨᠢ ᠡᠨᠧᠷᠭᠢ ᠶᠢᠨ ᠠᠮᠤᠷ ᠲᠦᠪᠰᠢᠨ ᠤ ᠴᠢᠬᠤᠯᠠ ᠬᠦᠷᠢᠶ᠎ᠡ ᠴᠠᠷᠠᠭ᠎ᠠ ᠪᠣᠯᠤᠭᠰᠠᠨ ᠤ | ᠬᠤᠪᠢ ᠳᠤ᠂ ᠰᠦᠷᠳᠡᠭᠦᠯᠦᠯ ᠢ ᠡᠰᠡᠷᠭᠦᠴᠡᠬᠦ᠂ ᠠᠶᠤᠯᠭᠦᠶ ᠦᠢᠯᠡᠳᠪᠦᠷᠢᠯᠡᠯ ᠬᠢᠭᠡᠳ ᠭᠠᠳᠠᠭᠠᠳᠤ ᠳᠤ ᠬᠤᠯᠪᠣᠭᠳᠠᠬᠤ ᠬᠠᠮᠢᠶᠠᠷᠤᠯᠲᠠ ᠶᠢᠨ ᠭᠤᠤᠯᠳᠠᠯᠭ᠎ᠠ ᠲᠠᠢ | ᠡᠲᠡᠭᠡᠳ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠨᠢ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠠᠯ ᠳᠤ | ᠨᠡᠶᠢᠴᠡᠭᠦᠯᠬᠦ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ︽ᠬᠥᠮᠦᠨ᠂ ᠪᠣᠳᠠᠰ᠂ ᠲᠠᠯᠠᠪᠤᠷ︾ ᠤᠨ ᠰᠦᠷᠳᠡᠭᠦᠯᠦᠯ ᠢ ᠡᠰᠡᠷᠭᠦᠴᠡᠬᠦ ᠭᠤᠤᠯ ᠬᠦᠴᠦᠨ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠦᠷᠳᠡᠭᠦᠯᠦᠯ ᠢ ᠡᠰᠡᠷᠭᠦᠴᠡᠬᠦ ᠪᠡᠯᠡᠳᠬᠡᠯ ᠲᠥᠰᠦᠯ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠲᠥᠬᠦᠭᠡᠷᠦᠮᠵᠢ᠂ ᠬᠥᠮᠦᠰ ᠤᠨ ᠠᠬᠤᠶ ᠪᠠᠶᠢᠳᠠᠯ ᠢ ᠬᠢᠨᠠᠨ ᠪᠠᠶᠢᠴᠠᠭᠠᠬᠤ ᠵᠡᠷᠭᠡ ︽ᠭᠦᠢᠴᠡᠳᠬᠡᠯ ᠲᠤᠭ᠎ᠠ︾ ᠶᠢ ᠴᠢᠩᠭ᠎ᠠ ᠪᠠᠶᠢᠴᠠᠭᠠᠵᠤ᠂ ᠬᠦᠴᠦᠷᠬᠡᠭᠯᠡᠯ | ᠰᠦᠷᠳᠡᠭᠦᠯᠦᠯ ᠤᠨ ᠳᠠᠭᠠᠷᠢᠯᠲᠠ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃ | | | | ᠪᠠᠶᠢᠴᠠᠭᠠᠬᠤ ᠳᠤᠭᠤᠶᠢᠯᠠᠩ ᠳᠠᠯᠠᠢ ᠰᠤᠮᠤ᠂ ᠬᠥᠯᠥᠨ ᠪᠠᠯᠭᠠᠰᠤᠨ ᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠭᠤᠷᠢᠭ᠂ ᠨᠥᠬᠡᠴᠡᠯᠡᠨ ᠬᠠᠳᠠᠭᠠᠯᠠᠬᠤ | ᠬᠥᠮᠥᠷᠭᠡ ᠵᠢᠴᠢ ᠠᠵᠢᠯᠯᠠᠬᠤ ᠭᠠᠵᠠᠷ ᠲᠤ ᠭᠦᠨᠵᠡᠭᠡᠶᠢᠷᠡᠵᠦ᠂ ︽ᠡᠬᠡ ᠲᠠᠩᠰᠠ ᠶᠢ ᠪᠠᠶᠢᠴᠠᠭᠠᠬᠤ᠂ ᠲᠤᠬᠠᠶ ᠶᠢᠨ ᠲᠠᠯᠠᠪᠤᠷ ᠢ ᠦᠵᠡᠬᠦ᠂ ᠬᠡᠮᠵᠢᠨ ᠪᠠᠴᠢᠮ ᠪᠠᠶᠢᠳᠠᠯ ᠢ | ᠠᠷᠭᠠᠴᠠᠬᠤ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠡᠯᠬᠢᠶ᠎ᠡ ᠶᠢᠨ ︽ᠪᠡᠶ᠎ᠡ ᠶᠢᠨ ᠪᠠᠶᠢᠴᠠᠭᠠᠯᠲᠠ︾ ᠶᠢ ᠥᠷᠨᠢᠭᠦᠯᠵᠦ᠂ ᠬᠢᠨᠠᠨ | ᠡᠵᠡᠮᠳᠡᠵᠦ ᠬᠠᠮᠤᠷᠬᠤ᠂ ᠳᠠᠭᠠᠷᠢᠯᠲᠠ ᠶᠢ ᠰᠡᠷᠭᠡᠶᠢᠯᠡᠬᠦ ᠲᠦᠬᠦᠭᠡᠷᠦᠮᠵᠢ ᠵᠡᠷᠭᠡ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠭᠤᠤᠯᠳᠠᠯᠭ᠎ᠠ ᠲᠠᠢ ᠪᠠᠶᠢᠴᠠᠭᠠᠨ | ᠰᠢᠯᠭᠠᠵᠤ᠂ ᠠᠵᠢᠯᠲᠠᠨ ᠤ ᠰᠦᠷᠳᠡᠭᠦᠯᠦᠯ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠪᠣᠳᠠᠲᠠᠶ ᠠᠵᠢᠯᠯᠠᠭᠠᠨ ᠤ ᠴᠢᠳᠠᠪᠤᠷᠢ ᠶᠢ ᠰᠤᠭᠤᠴᠢᠨ | ᠪᠠᠶᠢᠴᠠᠭᠠᠵᠤ᠂ ︽ᠨᠢᠭᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ︾ ︽ᠬᠥᠮᠦᠰ ᠤᠨ ᠠᠶᠤᠯ ᠠᠴᠠ ᠵᠠᠶᠢᠯᠠᠬᠤ︾ ᠵᠡᠷᠭᠡ ᠴᠤᠪᠤᠷᠠᠯ ᠢ ᠵᠠᠪᠰᠠᠷ ᠥᠬᠡᠶ | ᠵᠣᠯᠭᠠᠭᠤᠯᠬᠤ ᠶᠢ ᠦᠨᠡᠨᠬᠦ ᠪᠠᠲᠤᠯᠠᠪᠠ᠃ | ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠨᠢ ᠠᠵᠤ ᠠᠬᠤᠶᠢᠯᠠᠯ ᠳᠤ ᠬᠢᠭᠰᠡᠨ ︽ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠪᠣᠯᠬᠤ ᠪᠠᠷ ᠪᠠᠷᠠᠬᠤ | ᠥᠬᠡᠶ᠂ ᠨᠠᠩ ᠴᠤ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠶᠢᠨ ᠲᠤᠬᠠᠶ ᠪᠣᠳᠠᠲᠤ ᠪᠠᠶᠢᠯᠳᠤᠭᠠᠨ ᠤ ᠰᠢᠯᠭᠠᠨ ᠪᠠᠶᠢᠴᠠᠭᠠᠯᠲᠠ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠡᠯ᠎ᠡ ᠨᠢᠭᠡᠴᠡ ᠲᠠᠢ ᠪᠠᠶᠢᠩᠭᠤ ᠶᠢᠨ ᠴᠢᠨᠠᠷᠲᠠᠶ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠪᠠᠶᠢᠭᠤᠯᠵᠤ᠂ ︽ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ︾ ᠠᠵᠢᠯ ᠤᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠨᠢᠭᠲᠠ ᠴᠢᠩᠭ᠎ᠠ ᠠᠷᠭ᠎ᠠ ᠬᠡᠮᠵᠢᠶ᠎ᠡ᠂ ᠨᠠᠩ ᠥᠨᠳᠥᠷ | ᠪᠦᠲᠦᠮᠵᠢᠲᠡᠶ ᠬᠠᠮᠵᠢᠯᠴᠠᠭ᠎ᠠ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ | | |