ᠥᠪᠡᠷᠲᠡᠭᠡᠨ ᠵᠠᠰᠠᠬᠤ ᠣᠷᠣᠨ ᠳᠠᠬᠢ ᠵᠠᠮ ᠢᠶᠠᠷ ᠠᠶᠠᠯᠠᠬᠤ ᠠᠩᠬᠠᠳᠠᠭᠴᠢ ᠰᠢᠯᠭᠠᠨ ᠲᠤᠷᠰᠢᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/15
      ᠣᠶᠢᠷ᠎ᠠ ᠳᠤ᠂ ᠺᠠᠷᠯ ᠬᠥᠳᠡᠯᠭᠡᠭᠴᠢ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠭᠡᠭᠡᠨ ᠬᠥᠭᠵᠢᠭᠦᠯᠦᠭᠰᠡᠨ ᠠᠦ᠋ᠲ᠋ᠣ᠋ ᠵᠢᠯᠤᠭᠤᠳᠬᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠰᠢᠯᠭᠠᠨ ᠲᠤᠷᠰᠢᠯᠲᠠ ᠶᠢᠨ ᠮᠠᠰᠢᠨ ᠲᠡᠷᠭᠡ ᠨᠢ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠠᠯᠤᠰᠯᠠᠭᠰᠠᠨ ᠠᠦ᠋ᠲ᠋ᠣ᠋ ᠵᠢᠯᠤᠭᠤᠳᠬᠤ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡᠨ ᠤ ᠠᠩᠬᠠᠳᠠᠭᠴᠢ ᠰᠢᠯᠭᠠᠨ ᠲᠤᠷᠰᠢᠯᠲᠠ ᠶᠢᠨ ᠠᠵᠢᠯ ᠢᠶᠠᠨ ᠤᠷᠤᠭᠰᠢᠲᠠᠶ ᠪᠡᠶᠡᠯᠡᠭᠦᠯᠪᠡ᠃ ᠬᠥᠮᠦᠨ ᠤ ᠬᠦᠴᠦ ᠪᠠᠷ ᠵᠢᠯᠣᠭᠤᠳᠬᠤ ᠲᠠᠢ ᠬᠠᠷᠢᠴᠠᠭᠤᠯᠪᠠᠯ ᠡᠶᠢᠮᠦᠷᠬᠦᠦ ᠣᠶᠤᠨᠴᠢ ᠨᠡᠶᠢᠯᠡᠮᠡᠯ ᠵᠢᠭᠰᠠᠯ ᠤᠨ ᠠᠶᠤᠯ ᠦᠭᠡᠢ ᠴᠢᠨᠠᠷ ᠨᠢ 5 ᠳᠠᠬᠢᠨ ᠳᠡᠭᠡᠭᠰᠢᠯᠡᠵᠦ᠂ ᠳᠤᠭᠤᠶᠢᠯᠠᠩ ᠪᠠᠶᠢᠭᠤᠯᠬᠤ ᠬᠡᠯᠪᠡᠷᠢ ᠪᠠᠷ ᠡᠨᠧᠷᠭᠢ ᠶᠢ ᠬᠠᠮᠤᠭ ᠤᠨ ᠢᠯᠡᠭᠦᠦ ᠳᠤ ᠪᠠᠨ 10% ᠪᠠᠷ ᠠᠷᠪᠢᠯᠠᠵᠤ᠂ ᠵᠢᠯ ᠳᠤ ᠲᠡᠷᠭᠡ ᠪᠦᠷᠢ ᠶᠢᠨ ᠥᠪᠡᠷ ᠤᠨ ᠥᠷᠲᠡᠭ ᠢ ᠬᠡᠳᠦᠨ ᠲᠦᠮᠡᠨ ᠲᠥᠭᠦᠷᠢᠭ ᠠᠷᠪᠢᠯᠠᠵᠤ ᠥᠭᠬᠦ ᠪᠣᠯᠣᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ