ᠰᠤᠷᠲᠠᠯ ᠴᠢᠬᠡᠴᠢ ᠪᠣᠯ ᠣᠪᠣᠷ ᠲᠥᠪ᠂ ᠣᠪᠣᠷ ᠲᠥᠪ ᠪᠣᠯ ᠰᠡᠳᠬᠢᠯ ᠨᠢᠭᠡᠲᠡᠢ᠂ ᠰᠡᠳᠬᠢᠯ ᠨᠢᠭᠡᠳᠪᠡᠯ ᠠᠵᠢᠯ ᠶᠠᠪᠤᠳᠠᠯ ᠪᠦᠲᠦᠨ᠎ᠡ᠃ | ᠨᠠᠮ ᠤᠨ ᠲᠥᠪ ᠬᠤᠷᠢᠶ᠎ᠠ ᠠᠴᠠ 2025 ᠣᠨ ᠳᠤ ᠪᠦᠭᠦ ᠤᠯᠤᠰ ᠤᠨ ᠬᠤᠶᠠᠷ ᠬᠤᠷᠠᠯ ᠤᠨ ᠲᠠᠷᠠᠭ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠢᠶᠠᠷ ᠢᠶᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠲᠣᠭᠲᠠᠪᠠ᠃ ᠡᠨᠡ ᠪᠣᠯ | ᠨᠠᠮ ᠤᠨ ᠭᠡᠰᠢᠭᠦᠨ ᠺᠠᠳ᠋ᠷᠴᠤᠳ ᠲᠤ ᠪᠠᠰᠠ ᠨᠢᠭᠡ ᠤᠳᠠᠭ᠎ᠠ ᠶᠢᠨ ᠦᠵᠡᠯ ᠰᠠᠨᠠᠭ᠎ᠠ ᠤᠨᠤᠯ ᠤᠨ ᠬᠥᠮᠦᠵᠢᠯ ᠥᠷᠨᠢᠭᠦᠯᠵᠦ᠂ ᠤᠨᠤᠯ ᠢᠶᠠᠷ ᠲᠠᠭᠢᠨ ᠵᠡᠪᠰᠡᠭᠯᠡᠬᠦ ᠶᠠᠪᠤᠳᠠᠯ | ᠮᠥᠨ᠂ ᠰᠠᠬᠢᠯᠭ᠎ᠠ ᠪᠠᠲᠤ ᠣᠪᠣᠷ ᠰᠤᠷᠲᠠᠯ ᠢ ᠪᠠᠰᠠ ᠨᠢᠭᠡ ᠤᠳᠠᠭ᠎ᠠ ᠲᠠᠭᠢᠨ ᠰᠢᠯᠭᠠᠨ ᠦᠵᠡᠵᠦ᠂ ᠲᠠᠭᠢᠨ ᠳᠡᠭᠡᠭᠰᠢᠯᠡᠭᠦᠯᠭᠦ ᠶᠠᠪᠤᠳᠠᠯ ᠮᠥᠨ᠃ ᠣᠶᠢᠷ᠎ᠠ ᠶᠢᠨ | ᠡᠳᠦᠷ ᠤᠳ ᠲᠤ ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠳᠠᠷᠤᠢ ᠲᠦᠷᠭᠡᠨ ᠪᠠᠶᠢᠷᠢᠯᠠᠭᠤᠯᠤᠨ ᠡᠬᠢᠯᠡᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠪᠤᠳᠤᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ | ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠢ ᠥᠷᠨᠢᠭᠦᠯᠬᠦ ᠶᠢ ᠠᠬᠢᠭᠤᠯᠪᠠ᠃ | ᠨᠠᠢᠮᠠᠨ ᠲᠣᠭᠲᠠᠭᠠᠯ ᠤᠨ ᠡᠨᠡᠬᠦ ᠵᠠᠩᠭᠢᠯᠠᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠰᠤᠷᠲᠠᠯ ᠤᠨ ᠪᠠᠶᠢᠭᠤᠯᠤᠯᠲᠠ ᠪᠦᠭᠦ ᠲᠠᠯ᠎ᠠ ᠪᠠᠷ ᠠᠮᠢᠳᠤᠯᠢᠭᠵᠢᠪᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠪᠠ᠃ ᠠᠷᠪᠠ ᠭᠠᠷᠤᠢ ᠵᠢᠯ ᠤᠨ ᠲᠤᠷᠰᠢ᠂ ᠥᠪᠥᠷ ᠮᠣᠩᠭᠤᠯ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ | ᠰᠤᠷᠲᠠᠯ ᠤᠨ ᠠᠰᠠᠭᠤᠳᠠᠯ ᠠᠴᠠ ᠡᠬᠢᠯᠡᠨ ᠠᠳᠬᠤᠵᠤ᠂ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠵᠠᠩᠭᠢᠯᠠᠭ᠎ᠠ ᠶᠢᠨ ᠴᠡᠭ ᠪᠣᠯᠭᠠᠨ ᠢ ᠪᠠᠲᠤ ᠰᠠᠬᠢᠵᠤ᠂ ᠨᠢᠭᠡ | ᠨᠢᠭᠡ ᠠᠰᠠᠭᠤᠳᠠᠯ ᠢᠶᠠᠷ ᠰᠢᠢᠳᠪᠦᠷᠢᠯᠡᠵᠦ᠂ ᠨᠢᠭᠡ ᠨᠢᠭᠡ ᠬᠦᠷᠢᠶ᠎ᠡ ᠴᠠᠷᠠᠭ᠎ᠠ ᠪᠠᠷ ᠠᠬᠢᠭᠤᠯᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ | ᠵᠠᠷᠢᠮ ᠭᠠᠵᠢᠭᠤ ᠰᠤᠷᠲᠠᠯ ᠢ ᠬᠤᠷᠢᠭᠯᠠᠵᠤ᠂ ᠤᠯᠠᠨ ᠵᠢᠯ ᠤᠨ ᠲᠤᠷᠰᠢ ᠠᠷᠢᠯᠤᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ | ᠰᠤᠷᠲᠠᠯ ᠪᠣᠯ ᠳᠠᠷᠤᠢ ᠳᠦᠷᠢ ᠲᠥᠷᠬᠦ ᠮᠥᠨ᠂ ᠰᠤᠷᠲᠠᠯ ᠪᠣᠯ ᠳᠠᠷᠤᠢ ᠬᠦᠴᠦᠨ ᠴᠢᠳᠠᠯ ᠮᠥᠨ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ | ᠪᠠᠶᠢᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠣᠨ᠎ᠠ᠃ ᠥᠪᠥᠷ ᠮᠣᠩᠭᠤᠯ ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠴᠥᠮ ᠰᠠᠶᠢᠨ | ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠠᠲᠤᠯᠠᠬᠤ ᠴᠢᠬᠤᠯᠠᠲᠠᠢ᠃ ᠪᠢᠳᠡ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠭᠢᠶᠠᠯ ᠪᠤᠯᠭᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ︽ᠰᠤᠷᠤᠯᠴᠠᠪᠠᠯ︾ ᠳᠠᠷᠤᠢ ᠰᠡᠳᠬᠢᠯ ᠵᠢᠷᠦᠬᠡᠨ ᠳᠡᠭᠡᠨ ᠬᠠᠳᠠᠩᠰᠢᠲᠠᠯ᠎ᠠ ᠰᠤᠷᠤᠯᠴᠠᠵᠤ᠂ | ᠣᠶᠢᠯᠠᠭᠠᠯᠲᠠ ᠲᠠᠢ᠂ ᠣᠯᠣᠯᠲᠠ ᠲᠠᠢ ᠪᠠᠶᠢᠬᠤ ᠭᠡᠷᠡᠭᠲᠡᠢ︔ ︽ᠪᠠᠶᠢᠴᠠᠭᠠᠪᠠᠯ︾ ᠳᠠᠷᠤᠢ ᠦᠨᠡᠨ ᠬᠦ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠢ | ᠲᠥᠪᠯᠡᠷᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠪᠠᠯ︾ ᠳᠠᠷᠤᠢ ᠦᠨᠡᠨ ᠪᠣᠳᠠᠲᠠᠢ ᠬᠢᠵᠦ᠂ | ᠬᠤᠪᠢᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ︽ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ | ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠢ ᠰᠠᠶᠢᠲᠤᠷ ᠬᠢᠬᠦ ᠲᠠᠢ ᠨᠢᠭᠡᠳᠦᠯᠲᠡᠢ | ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ | ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠥᠷᠨᠢᠭᠦᠯᠬᠦ ᠲᠠᠢ ᠤᠶᠠᠯᠳᠤᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ | ᠳᠡᠭᠡᠷ᠎ᠡ ᠠᠴᠠ ᠨᠢ ᠬᠥᠮᠥᠨ ᠢ ᠱᠠᠭᠠᠷᠳᠠᠵᠤ᠂ ᠬᠤᠶᠢᠨ᠎ᠠ ᠠᠴᠠ ᠨᠢ ᠬᠥᠮᠥᠨ ᠢ ᠱᠠᠯᠠᠪᠳᠠᠭᠤᠯᠬᠤ ᠨᠢ ᠡᠮᠦᠨ᠎ᠡ ᠨᠢ ᠣᠷᠣᠵᠤ ᠬᠥᠮᠥᠨ ᠢ ᠳᠠᠶᠢᠴᠢᠯᠠᠬᠤ ᠶᠢ ᠬᠦᠷᠬᠦ | ᠦᠭᠡᠢ᠃ ᠤᠳᠤᠷᠢᠳᠬᠤ ᠺᠠᠳ᠋ᠷᠴᠤᠳ ᠰᠠᠶᠢᠨ ᠳᠠᠭᠠᠭᠤᠯᠤᠭᠴᠢ ᠪᠤᠯᠬᠤ ᠪᠣᠯ ᠳᠠᠭᠤᠨ ᠦᠭᠡᠢ ᠦᠯᠢᠭᠡᠷ ᠳᠠᠭᠤᠷᠢᠶᠠᠯ ᠮᠥᠨ᠂ ︽ᠬᠢᠵᠦ ᠪᠡᠶᠡᠯᠡᠭᠦᠯ︾ ᠭᠡᠵᠦ | ᠮᠢᠩᠭᠠᠨᠲᠠ ᠬᠠᠰᠬᠢᠷᠬᠤ ᠨᠢ ︽ᠨᠠᠳᠠ ᠶᠢ ᠲᠠᠭᠠᠭᠠᠳ ᠬᠢᠵᠦ ᠪᠠᠢ︾ ᠭᠡᠬᠦ ᠨᠢᠭᠡ ᠦᠭᠡ ᠶᠢ ᠬᠦᠷᠬᠦ ᠦᠭᠡᠢ᠃ ᠤᠳᠤᠷᠢᠳᠬᠤ ᠪᠠᠶᠢᠭᠤᠯᠭ᠎ᠠ ᠪᠠ ᠤᠳᠤᠷᠢᠳᠬᠤ | ᠺᠠᠳ᠋ᠷᠴᠤᠳ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ᠢᠯᠠᠩᠭᠤᠶ᠎ᠠ ︽ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠬᠢᠵᠦ᠂ ᠲᠦᠷᠦᠭᠦᠯᠡᠨ ᠰᠤᠷᠤᠯᠴᠠᠵᠤ᠂ | ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ︽ᠬᠡᠯᠡᠬᠦ ᠳᠡᠭᠡᠨ ᠴᠢᠬᠤᠯᠠ ᠭᠡᠵᠦ᠂ ᠬᠠᠰᠬᠢᠷᠬᠤ ᠨᠢ ᠬᠠᠩᠭᠢᠨᠠᠮ᠎ᠠ᠂ ᠬᠢᠬᠦ ᠨᠢ ᠬᠠᠷᠢᠨ | ᠬᠡᠢ ᠬᠤᠭᠤᠰᠤᠨ︾ ᠪᠠᠶᠢᠬᠤ ᠶᠢ ᠡᠷᠡᠰ ᠲᠡᠪᠴᠢᠵᠦ᠂ ︽ᠠᠰᠠᠷ ᠤᠨ ᠱᠠᠲᠤᠨ ᠳᠤ ᠬᠥᠯ ᠤᠨ ᠴᠢᠮᠡᠭᠡ ᠰᠣᠨᠣᠰᠳᠠᠬᠤ ᠠᠴᠠ ᠪᠢᠰᠢ ᠬᠥᠮᠥᠨ ᠨᠢ ᠪᠠᠭᠤᠵᠤ ᠢᠷᠡᠬᠦ | ᠦᠭᠡᠢ︾ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠢ᠃ ᠪᠡᠶ᠎ᠡ ᠪᠠᠷ ᠢᠶᠠᠨ ᠲᠦᠷᠦᠭᠦᠯᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ | ᠂ ᠭᠠᠭᠴᠠᠭᠠᠷ ᠪᠠᠶᠢᠬᠤ ᠳᠠᠭᠠᠨ ᠪᠡᠶ᠎ᠡ ᠪᠠᠨ ᠪᠠᠷᠢᠬᠤ ᠶᠢ ᠬᠢᠴᠢᠶᠡᠵᠦ᠂ ᠠᠩᠬ᠎ᠠ ᠡᠬᠢᠯᠡᠬᠦ ᠦᠶ᠎ᠡ ᠳᠤ ᠬᠢᠴᠢᠶᠡᠵᠦ᠂ ᠪᠠᠭ᠎ᠠ ᠶᠠᠪᠤᠳᠠᠯ ᠳᠤ ᠬᠠᠨᠳᠤᠬᠤ ᠳᠠᠭᠠᠨ ᠴᠤ | ᠬᠢᠴᠢᠶᠡᠵᠦ᠂ ᠬᠦᠰᠡᠯ ᠳᠤᠷᠠᠰᠢᠯ ᠢ ᠲᠡᠪᠴᠢᠵᠦ᠂ ᠢᠮᠠᠭᠲᠠ ᠲᠥᠪ ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠪᠠᠨ ᠪᠠᠲᠤᠯᠠᠬᠤ ᠬᠡᠷᠡᠭᠲᠡᠢ᠃ | ᠪᠡᠶ᠎ᠡ ᠪᠠᠷ ᠢᠶᠠᠨ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠃ ︽ᠲᠥᠪ ᠤᠨ ᠨᠠᠢᠮᠠᠨ ᠲᠣᠭᠲᠠᠭᠠᠯ ᠤᠨ ᠬᠠᠰᠢᠯᠭ᠎ᠠ ᠶᠢ ᠭᠢᠯᠪᠡᠷ ᠪᠤᠰᠤ ᠪᠠᠷ ᠪᠣᠰᠬᠠᠭᠰᠠᠨ ᠶᠤᠮ᠂ | ᠵᠠᠪᠠᠯ ᠬᠤᠪᠢ ᠳᠠᠭᠢᠨ ᠨᠠᠨᠳᠢᠩᠨᠠᠵᠤ᠂ ᠲᠠᠰᠤᠷᠠᠯᠲᠠ ᠦᠭᠡᠢ ᠬᠠᠰᠢᠯᠭ᠎ᠠ ᠶᠢ ᠪᠠᠶᠢᠴᠠᠭᠠᠨ ᠵᠠᠰᠠᠵᠤ᠂ ᠰᠢᠷᠣᠢ ᠨᠡᠮᠡᠵᠦ ᠪᠠᠬᠢᠵᠢᠭᠦᠯᠬᠦ ᠬᠡᠷᠡᠭᠲᠡᠢ︾᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ︽ᠬᠤᠶᠠᠷ ᠰᠤᠷᠤᠯᠴᠠᠯᠭ᠎ᠠ︾ ᠶᠢ ᠰᠠᠶᠢᠲᠤᠷ ᠠᠳᠬᠤᠵᠤ᠂ ︽ᠬᠤᠶᠠᠷ ᠲᠠᠨᠢᠯᠲᠠ︾ ᠶᠢ ᠳᠡᠭᠡᠭᠰᠢᠯᠡᠭᠦᠯᠵᠦ᠂ ︽ᠬᠤᠶᠠᠷ ᠬᠠᠷᠢᠯᠴᠠᠬᠤ︾ ᠶᠢ | ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠠᠶᠢᠨ ᠰᠤᠷᠲᠠᠯ ᠰᠠᠶᠢᠨ ᠳᠦᠷᠢ ᠲᠥᠷᠬᠦ ᠪᠠᠷ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡᠯ᠂ ᠪᠢᠳᠡ | ᠯᠠᠪᠲᠠᠢ ᠬᠥᠭᠵᠢᠯᠲᠡ ᠶᠢᠨ ᠰᠠᠶᠢᠨ ᠠᠵᠠ ᠲᠣᠭᠢᠶᠠᠯ ᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠶᠤᠮ᠃ |