4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ | ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠢ ᠰᠢᠭᠤᠢ ᠶᠢᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠵᠠᠰᠠᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠪᠡᠯᠴᠢᠭᠡᠷᠯᠡᠭᠦᠯᠬᠦ ᠶᠢ ᠵᠤᠭᠰᠤᠭᠠᠨ ᠰᠡᠯᠭᠦᠨ ᠮᠠᠯᠵᠢᠬᠤ ᠡᠭᠡᠯᠵᠢᠯᠡᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠢ | ᠰᠦᠢᠳᠬᠡᠵᠦ ᠨᠤᠭᠤ ᠭᠠᠵᠠᠷ ᠢ ᠡᠪᠳᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ | ᠡᠭᠦᠳᠬᠦ ᠶᠢ ᠴᠢᠨᠠᠭᠰᠢᠳᠠ ᠠᠬᠢᠭᠤᠯᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ᠂ ᠤᠯᠠᠮᠵᠢᠯᠠᠯᠲᠤ ᠮᠠᠯ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠵᠢᠭᠤᠯᠴᠢᠯᠠᠯ᠂ ᠤᠢ ᠰᠢᠭᠤᠢ ᠶᠢᠨ ᠡᠷᠡᠭᠦᠯᠵᠢᠯ | ᠰᠤᠪᠢᠯᠠᠯᠲᠠ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ | ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠶᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ | ᠬᠠᠮᠲᠤᠪᠠᠷ ᠪᠠᠶᠢᠭᠤᠯᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠨᠣᠭᠤᠭᠠᠷᠠᠭᠤᠯᠤᠯᠲᠠ ᠶᠢ ᠬᠠᠶᠢᠷᠠᠯᠠᠵᠤ ᠤᠶᠢᠵᠢᠭᠤᠯᠤᠯᠲᠠ ᠶᠢ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠬᠦᠷᠢᠶᠡᠨ ᠤ ᠶᠡᠭᠡ ᠬᠡᠮᠵᠢᠶᠡᠨ ᠤ ᠪᠡᠯᠡ ᠮᠥᠩᠭᠦ ᠶᠢ ᠬᠤᠪᠢᠶᠠᠷᠢᠯᠠᠨ ᠬᠡᠷᠡᠭᠯᠡᠬᠦ ᠶᠠᠪᠤᠳᠠᠯ ᠢ ᠰᠤᠳᠤᠯᠤᠨ ᠬᠢᠨᠠᠨ | ᠵᠥᠪᠯᠡᠪᠡ᠃ |