4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠭᠠᠳᠠᠭᠠᠳᠤ ᠨᠡᠭᠡᠭᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠱᠦᠵᠢ ᠸᠠᠩ ᠸᠠᠩ ᠱᠧᠩ ᠬᠤᠷᠠᠯ ᠡᠷᠭᠢᠯᠡᠪᠡ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠨᠡᠪᠲᠡᠷᠬᠡᠢ ᠰᠤᠷᠤᠯᠴᠠᠨ ᠡᠵᠡᠮᠰᠢᠵᠦ᠂ ᠬᠠᠮᠤᠭ ᠤᠨ ᠰᠢᠨ᠎ᠡ ᠱᠠᠭᠠᠷᠳᠠᠯᠭ᠎ᠠ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠣᠷᠭᠠᠨᠢᠭ ᠢᠶᠠᠷ ᠠᠭᠤᠰᠤᠯᠴᠠᠭᠤᠯᠵᠤ᠂ | ᠠᠵᠢᠯ ᠤᠨ ᠳᠤᠮᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠦᠨᠡᠨ ᠬᠦ ᠰᠠᠶᠢᠵᠢᠷᠠᠭᠤᠯᠵᠤ᠂ ᠦᠨᠳᠦᠰᠦᠨ ᠱᠠᠳᠤ ᠶᠢ ᠦᠨᠡᠨ ᠬᠦ ᠯᠠᠪᠳᠠᠭᠤᠨ | ᠪᠠᠲᠤᠲᠠᠢ ᠪᠠᠷ ᠠᠵᠢᠯ ᠬᠢᠵᠦ ᠦᠢᠯᠡᠰ ᠪᠤᠰᠬᠠᠵᠤ᠂ ᠤᠯᠠᠨ ᠲᠦᠮᠡᠨ ᠳᠤ ᠦᠢᠯᠡᠴᠢᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠬᠤᠲᠠ ᠶᠢᠨ ᠭᠠᠳᠠᠭᠠᠳᠤ ᠨᠡᠭᠡᠭᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ | ᠰᠤᠳᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠢᠳᠡᠪᠬᠢᠲᠡᠶ ᠰᠤᠷᠤᠯᠴᠠᠨ ᠲᠣᠯᠢᠯᠠᠵᠤ᠂ ︽ᠢᠳᠡᠵᠦ ᠤᠤᠭᠤᠭᠠᠳ ᠬᠠᠶᠠᠬᠤ︾ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠮᠠᠨᠵᠤᠤᠷ ᠪᠣᠭᠤᠮᠲᠠ ᠶᠢᠨ ᠬᠥᠲᠥᠴᠢ ᠦᠢᠯᠡᠳᠦᠯ ᠢ ᠳᠣᠪᠤᠶᠢᠯᠭᠠᠨ᠂ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠣᠭᠤᠮᠲᠠ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠬᠢᠯᠢ ᠬᠢᠵᠠᠭᠠᠷ ᠣᠷᠣᠨ ᠤ | ᠦᠢᠯᠡᠳᠦᠯᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠭᠤᠷᠠᠶ ᠶᠢᠨ ᠭᠠᠷᠠᠮ ᠤᠨ ᠪᠦᠯᠦᠭᠯᠡᠯ ᠤᠨ ᠬᠥᠭᠵᠢᠯᠲᠡ ᠶᠢ ᠲᠦᠷᠭᠡᠳᠬᠡᠨ᠂ ᠪᠣᠭᠤᠮᠲᠠ ᠶᠢᠨ | ᠳᠡᠯᠡᠬᠡᠶᠢᠴᠢᠯᠡᠯᠲᠡ᠂ ᠪᠥᠬᠦ ᠬᠤᠲᠠ ᠶᠢᠨ ᠪᠣᠭᠤᠮᠲᠠ ᠶᠢᠨ ᠬᠥᠭᠵᠢᠯᠲᠡ᠂ ᠬᠥᠭᠵᠢᠯᠲᠡ ᠶᠢᠨ ᠠᠭᠤᠰᠤᠯᠴᠠᠯ ᠤᠨ ᠶᠡᠷᠦᠩᠬᠡᠶ ᠰᠡᠳᠬᠢᠮᠵᠢ ᠶᠢ ᠪᠣᠳᠠᠲᠠᠶ ᠪᠠᠷ | ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠪᠠᠨ ᠦᠨᠡᠨ ᠬᠦ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ | ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠤᠯᠤᠰ | ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠰᠤᠷᠤᠯᠴᠠᠯᠭ᠎ᠠ ᠬᠥᠮᠦᠵᠢᠯ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠶᠢ ᠬᠤᠷᠢᠭᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠤᠯᠠᠨ ᠲᠦᠮᠡᠨᠴᠢ ᠪᠦᠯᠬᠦᠮ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ | ᠲᠦᠷᠦᠯ ᠵᠦᠢᠯ ᠳᠠᠷᠠᠭᠠᠯᠠᠨ ᠰᠢᠪᠲᠤᠯᠤᠯᠲᠠ ᠭᠠᠷᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠰᠢᠪᠲᠤᠯᠤᠯᠲᠠ ᠲᠠᠢ ᠪᠣᠯᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠨᠤᠭᠤ ᠭᠠᠵᠠᠷ ᠢ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠲᠥᠰᠦᠯ ᠪᠣᠯᠤᠨ ᠲᠦᠷᠦ ᠶᠢᠨ ᠨᠠᠮ ᠤᠨ ᠵᠥᠪᠳᠡᠯᠴᠡᠬᠦ ᠲᠥᠯᠥᠪᠯᠡᠭᠡ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |