ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 2
ᠨᠡᠶᠢᠲᠡᠯᠡᠭᠰᠡᠨ ᠴᠠᠭ᠄
2025/4/15
      ᠭᠤᠷᠪᠠ᠂ ᠭᠤᠣᠯᠳᠠᠯᠭ᠎ᠠ ᠲᠠᠢ ᠡᠭᠦᠷᠭᠡ     ︵ᠨᠢᠭᠡ︶ ᠡᠵᠡᠩᠨᠡᠯᠲᠡ ᠶᠢᠨ ᠭᠤᠣᠯ ᠴᠣᠭᠴᠠ ᠶᠢ ᠳᠠᠲᠠᠨ ᠣᠷᠣᠭᠤᠯᠵᠤ ᠪᠣᠶᠢᠵᠢᠭᠤᠯᠬᠤ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ    1. ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠶᠢ ᠴᠢᠩᠭᠠᠷᠠᠭᠤᠯᠤᠨ᠎ᠠ᠃ ᠭᠠᠳᠠᠭᠰᠢ ᠠᠷᠠᠯᠵᠢᠶᠠᠯᠠᠭᠰᠠᠨ ᠬᠠᠷ᠎ᠠ ᠪᠤᠳᠠᠭ᠎ᠠ ᠠᠮᠢᠳᠤ ᠮᠠᠯ ᠤᠨ ᠭᠤᠣᠯ ᠲᠦᠷᠦᠯ ᠵᠦᠢᠯ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠭᠤᠣᠯᠳᠠᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠬᠡᠯᠬᠢᠶ᠎ᠡ ᠶᠢᠨ ᠳᠤᠲᠠᠭᠤᠳᠠᠯ ᠤᠨ ᠲᠣᠭᠤᠷᠢᠨ ᠳᠤ᠂ ᠭᠠᠵᠠᠷ ᠣᠷᠣᠨ ᠤ ᠬᠠᠮᠵᠢᠯᠴᠠᠭ᠎ᠠ ᠪᠠᠨ ᠴᠢᠩᠭᠠᠷᠠᠭᠤᠯᠵᠤ᠂ ᠬᠤᠳᠠᠯᠳᠤᠭᠠᠴᠢᠨ ᠤᠷᠢᠬᠤ ᠬᠠᠷᠠᠯᠲᠠ ᠪᠠᠨ ᠵᠣᠬᠢᠰᠲᠠᠢ ᠲᠣᠭᠲᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠪᠠᠭᠤᠯᠢᠭ ᠠᠵᠤ ᠠᠬᠤᠶᠢᠯᠠᠯ  ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠢᠭᠡ ᠪᠦᠯᠦᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ᠂ ᠡᠵᠡᠩᠨᠡᠨ ᠪᠣᠷᠣᠯᠠᠭᠤᠯᠬᠤ ᠠᠷᠠᠯᠵᠢᠶ᠎ᠠ ᠵᠡᠷᠭᠡ ᠰᠠᠶᠢᠨ ᠲᠦᠷᠦᠯ ᠵᠦᠢᠯ ᠢ ᠰᠠᠭᠤᠷᠢᠰᠢᠭᠤᠯᠬᠤ ᠪᠠᠷ ᠬᠦᠴᠦᠯᠡᠨ ᠴᠢᠷᠮᠠᠶᠢᠵᠤ᠂ ᠢᠵᠢᠯᠢ ᠴᠢᠨᠠᠷ ᠤᠨ ᠥᠷᠢᠰᠦᠯᠳᠦᠭᠡᠨ ᠬᠢᠬᠦ ᠠᠴᠠ ᠵᠠᠶᠢᠯᠠᠰᠬᠢᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶    2. ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 61 ᠳ᠋ᠦ᠋ᠭᠡᠷ ᠲᠣᠭᠠᠲᠤ︶ ᠢ ᠰᠠᠶᠢᠲᠤᠷ ᠨᠠᠶᠢᠳᠠᠪᠤᠷᠢᠵᠢᠭᠤᠯᠵᠤ᠂ ᠵᠢᠭᠡᠯᠡᠯᠭᠡ ᠶᠢᠨ ᠳᠠᠮ ᠬᠦᠦ ᠥᠭᠬᠦ᠂ ᠱᠠᠩᠨᠠᠨ ᠬᠥᠬᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠠᠮᠵᠢᠨ᠎ᠠ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠯᠡᠭᠦᠯᠬᠦ᠂ ᠳᠠᠬᠢᠨ ᠵᠣᠬᠢᠶᠠᠨ ᠪᠠᠶᠢᠭᠤᠯᠬᠤ᠂ ᠬᠤᠳᠠᠯᠳᠤᠨ ᠠᠪᠬᠤ᠂ ᠬᠤᠪᠢᠴᠠᠭ᠎ᠠ ᠡᠵᠡᠮᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠬᠡᠪᠴᠢᠶᠡᠵᠢᠯ ᠢᠶᠠᠨ ᠥᠷᠭᠡᠳᠬᠡᠵᠦ᠂ ᠲᠥᠪ ᠲᠣᠭᠤᠭᠠᠨ ᠭᠡᠷ᠂ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠬᠥᠲᠥᠴᠢ ᠠᠵᠤ ᠠᠬᠤᠶᠢᠯᠠᠯ ᠤᠨ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 10 ᠠᠴᠠ ᠳᠡᠭᠡᠭᠰᠢ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠬᠦᠴᠦᠯᠡᠨ ᠴᠢᠷᠮᠠᠶᠢᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠦᠷᠢᠶ᠎ᠡ ᠴᠠᠷᠠᠭᠠᠨ ᠳᠠᠬᠢ ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶      3. ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠦᠷᠦᠯ ᠢᠯᠭᠠᠯ ᠪᠦᠷᠢ ᠳᠤ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ 5 ᠣᠷᠴᠢᠮ ᠰᠢᠯᠢᠨ ᠰᠣᠩᠭᠤᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠨᠢ ᠠᠶᠢᠮᠠᠭ ᠬᠤᠲᠠ ᠲᠠᠢ ᠬᠤᠯᠪᠣᠭᠠᠯᠠᠵᠤ ᠪᠠᠶᠢᠭᠠᠳ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠢᠩᠬᠢᠮ ᠤᠨ ᠳᠡᠰ ᠤᠨ ᠺᠠᠳ᠋ᠷ ᠤᠨ ︽ᠨᠢᠭᠡ ᠶᠢ ᠨᠢᠭᠡ ᠳᠤ ᠴᠢᠭᠯᠡᠭᠦᠯᠦᠭᠰᠡᠨ︾ ᠬᠠᠷᠢᠯᠴᠠᠬᠤ ᠦᠢᠯᠡᠴᠢᠯᠡᠭᠡ ᠶᠢ ᠬᠡᠷᠡᠭᠵᠢᠭᠦᠯᠦᠨ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠵᠠᠬ᠎ᠠ ᠳᠡᠯᠭᠡᠭᠦᠷ ᠢ ᠨᠢ ᠥᠷᠭᠡᠵᠢᠭᠦᠯᠦᠨ᠂ ᠵᠠᠬᠢᠶᠠᠯᠠᠭ᠎ᠠ ᠶᠢᠨ ᠬᠠᠭᠤᠳᠠᠰᠤ ᠣᠯᠵᠤ ᠥᠭᠭᠦᠨ᠎ᠡ᠃ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠳ᠋ᠢᠭᠢᠲᠴᠢᠯᠡᠭᠰᠡᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠨᠡᠷᠡᠲᠦ ᠲᠡᠮᠳᠡᠭ ᠱᠤᠭᠤᠬᠤ ᠠᠵᠢᠯᠯᠠᠭ᠎ᠠ ᠶᠢ ᠳᠠᠮᠵᠢᠵᠤ᠂ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶       ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠰᠤᠳᠤᠯᠤᠨ ᠨᠡᠭᠡᠭᠡᠵᠦ ᠰᠢᠨ᠋᠎ᠡ ᠡᠭᠦᠳᠦᠯᠲᠡ ᠭᠠᠷᠭᠠᠬᠤ ᠪᠠᠨ ᠲᠦ᠋ᠷᠭᠡᠳᠬᠡᠨ᠋᠎ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠣᠷᠣᠭᠤᠯᠤᠯᠲᠠ ᠬᠢᠬᠦ ᠡᠷᠴᠢᠮ ᠢᠶᠠᠨ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢᠶᠠᠷ ᠳᠠᠮᠵᠢᠭᠤᠯᠤᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠭᠠᠷ ᠤᠷᠠᠯᠠᠯ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠢ ᠪᠠᠶᠢᠷᠢᠰᠢᠭᠤᠯᠤᠨ ᠥᠷᠨᠢᠭᠦᠯᠵᠦ᠂ ᠮᠡᠷᠭᠡᠵᠢᠯ ᠤᠨ ᠰᠢᠨ᠎ᠡ ᠡᠭᠦᠳᠦᠯᠲᠡ ᠪᠠ ᠪᠦᠲᠦᠭᠡᠭᠳᠡᠬᠦᠨ ᠤ ᠰᠢᠨ᠎ᠡ ᠡᠭᠦᠳᠦᠯᠲᠡ ᠶᠢ ᠠᠬᠢᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠨ᠎ᠡ᠃ ᠳ᠋ᠢᠭᠢᠲ ᠪᠠ ᠣᠶᠤᠨᠴᠢ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠵᠤ᠂ ᠲᠥᠬᠦᠭᠡᠷᠦᠮᠵᠢ ᠶᠢ ᠰᠢᠨᠡᠳᠬᠡᠬᠦ᠂ ᠭᠠᠷ ᠤᠷᠠᠯᠠᠯ ᠢ ᠲᠠᠰ ᠳᠡᠪᠰᠢᠭᠦᠯᠬᠦ᠂ ᠳ᠋ᠢᠭᠢᠲ ᠪᠠᠷ ᠬᠦᠴᠦᠨ ᠴᠢᠳᠠᠮᠵᠢ ᠶᠢ ᠨᠢ ᠡᠷᠴᠢᠮᠯᠡᠬᠦ᠂ ᠬᠠᠮᠢᠶᠠᠷᠤᠯᠲᠠ ᠶᠢᠨ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠡᠬᠢ ᠪᠠᠶᠠᠯᠢᠭ ᠤᠨ ᠬᠥᠮᠥᠷᠭᠡ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠤᠨ ᠬᠥᠮᠥᠷᠭᠡ ᠪᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠮᠠᠨ ᠤ ᠣᠷᠣᠨ ᠤ ᠭᠤᠣᠯᠳᠠᠯᠭ᠎ᠠ ᠲᠠᠢ ᠲᠥᠷᠥᠯ ᠢᠯᠭᠠᠯ᠂ ᠭᠤᠣᠯ ᠦᠢᠯᠡᠳᠬᠦᠨ ᠤ ᠲᠣᠭᠤᠷᠢᠨ ᠳᠤ᠂ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠲᠠᠪᠴᠠᠩ ᠢᠶᠠᠷ ᠳᠠᠮᠵᠢᠭᠤᠯᠤᠨ᠂ ᠪᠥᠬᠦ ᠤᠯᠤᠰ ᠤᠨ ᠬᠡᠪᠴᠢᠶᠡᠨ ᠳᠤ ᠮᠡᠷᠭᠡᠵᠢᠯ ᠤᠨ ᠦᠷ᠎ᠡ ᠪᠦᠲᠦᠭᠡᠯ ᠪᠠ ᠦᠢᠯᠡᠳᠬᠦᠨ ᠤ ᠵᠢᠷᠤᠭ ᠲᠥᠯᠥᠪᠯᠡᠭᠡ ᠶᠢ ᠡᠯᠰᠡᠨ ᠴᠤᠭᠯᠠᠭᠤᠯᠬᠤ ᠶᠢᠨ ᠬᠠᠮᠲᠤ ᠨᠡᠶᠢᠲᠡᠯᠡᠵᠦ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢ ᠮᠠᠨ ᠤ ᠣᠷᠣᠨ ᠳᠤ ᠪᠠᠨ ᠤᠯᠠᠷᠢᠭᠤᠯᠤᠨ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶    2. ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠥᠷᠥᠯ ᠵᠦᠢᠯ ᠳᠤ ᠲᠦᠰᠢᠭᠯᠡᠨ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ᠂ ᠮᠠᠯ ᠠᠵᠤ ᠠᠬᠤᠢ ᠶᠢᠨ ᠲᠣᠮᠣ ᠰᠢᠶᠠᠨ ᠤ ᠳᠠᠪᠠᠭᠤᠯᠢᠭ ᠢ ᠪᠠᠳᠠᠷᠠᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠭᠦᠬᠡᠢ ᠮᠠᠲ᠋ᠧᠷᠢᠶᠠᠯ᠂ ᠡᠳ᠋ᠰᠢᠭᠦᠯᠦᠨ ᠪᠣᠯᠪᠠᠰᠤᠷᠠᠭᠤᠯᠬᠤ᠂ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠨᠡᠷᠡᠲᠦ ᠲᠡᠮᠳᠡᠭ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠭᠤᠣᠯ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ᠂ ᠲᠥᠪ ᠲᠣᠭᠤᠭᠠᠨ ᠭᠡᠷ᠂ ᠴᠡᠪᠡᠷ ᠨᠣᠭᠤᠭ᠎ᠠ ᠲᠣᠬᠢᠷᠠᠭᠤᠯᠤᠨ ᠬᠦᠷᠭᠡᠬᠦ᠂ ᠦᠵᠡᠭᠦᠯᠭᠡ ᠶᠢᠨ ᠦᠢᠯᠡᠳᠪᠦᠷᠢ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠬᠤᠬᠢᠷᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠬᠤᠷᠠᠭᠤᠯᠤᠨ ᠳᠡᠯᠭᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠠᠰᠢᠭᠯᠠᠨ᠂ ᠨᠥᠬᠦᠴᠡᠯ ᠳᠤ ᠨᠡᠶᠢᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠪᠠᠶᠢᠴᠠᠭᠠᠨ ᠰᠢᠨᠵᠢᠬᠦ ᠪᠠᠶᠢᠭᠤᠯᠤᠮᠵᠢ ᠪᠠ ᠲᠥᠬᠦᠷ ᠡᠬᠢ ᠪᠠᠶᠠᠯᠢᠭ ᠢ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠭᠦᠯᠬᠦ ᠪᠠᠷ ᠬᠥᠲᠥᠯᠥᠨ ᠵᠢᠯᠣᠭᠤᠳᠤᠨ᠎ᠠ᠃ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠰᠢᠰᠲ᠋ᠧᠮ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠪᠠᠺᠲ᠋ᠧᠷᠢ ᠠᠯᠠᠵᠤ ᠰᠣᠷᠭᠤᠭ ᠪᠠᠶᠢᠯᠭᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠥᠬᠦᠷ ᠵᠦᠢᠯ ᠢ ᠲᠦᠷᠭᠡᠳᠬᠡᠨ ᠲᠡᠭᠦᠯᠳᠡᠷᠵᠢᠭᠦᠯᠵᠦ᠂ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠴᠣᠭᠴᠠᠯᠠᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶     3. ᠲᠦᠭᠦᠬᠡᠢ ᠡᠳ᠋ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠋᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠭᠠᠷᠤᠯᠲᠠ ᠶᠢᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪᠴᠢᠶᠡᠵᠢᠭᠦᠯᠦᠨ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠦᠨ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠱᠠᠲᠤ ᠲᠡᠰ ᠬᠤᠪᠢᠶᠠᠨ ᠪᠣᠭᠤᠳᠠᠯᠯᠠᠵᠤ ᠪᠠᠭᠯᠠᠬᠤ᠂ ᠬᠠᠳᠠᠭᠠᠯᠠᠵᠤ ᠰᠣᠷᠭᠤᠭ ᠪᠠᠶᠢᠯᠭᠠᠬᠤ᠂ ᠤᠷᠢᠳᠴᠢᠯᠠᠨ ᠬᠥᠷᠥᠭᠡᠵᠦ ᠬᠥᠯᠳᠡᠭᠡᠵᠦ ᠬᠠᠭᠰᠠᠭᠠᠨ ᠬᠠᠲᠠᠭᠠᠬᠤ ᠵᠡᠷᠭᠡ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠲᠦᠭᠦᠬᠡᠢ ᠡᠳ᠋ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠤᠨ ᠬᠤᠪᠢᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠳ᠋ᠰᠢᠭᠦᠯᠦᠨ ᠪᠣᠯᠪᠠᠰᠤᠷᠠᠭᠤᠯᠬᠤ ᠬᠡᠯᠪᠡᠷᠢ ᠶᠢᠨ ᠲᠤᠰᠬᠠᠢ ᠬᠡᠷᠡᠭᠯᠡᠭᠡᠨ ᠤ ᠲᠠᠷᠢᠮᠠᠯ ᠤᠨ ᠲᠥᠷᠥᠯ ᠵᠦᠢᠯ ᠪᠠ ᠲᠤᠰᠬᠠᠢ ᠬᠡᠷᠡᠭᠯᠡᠭᠡᠨ ᠤ ᠮᠠᠯ ᠤᠨ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠳᠤ ᠨᠢ ᠳᠡᠮᠵᠢᠯᠭᠡ ᠦᠵᠡᠭᠦᠯᠵᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠃ ᠲᠦᠭᠦᠬᠡᠢ ᠡᠳ᠋ ᠤᠨ ᠭᠠᠷᠤᠯᠲᠠ ᠶᠢᠨ ᠣᠷᠣᠨ᠂ ᠠᠵᠤ ᠠᠬᠤᠶᠢᠯᠠᠯ ᠤᠨ ᠭᠤᠣᠯ ᠴᠣᠭᠴᠠ ᠪᠠ ᠬᠡᠷᠡᠭᠯᠡᠭᠡ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠵᠣᠯᠭᠠᠯᠳᠤᠭᠤᠯᠬᠤ ᠶᠢ ᠨᠢ ᠠᠬᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠦᠪᠡᠰᠦᠪᠡᠨ ᠪᠠᠶᠢᠭᠤᠯᠬᠤ ᠶᠢ ᠨᠢ ᠵᠣᠷᠢᠭᠵᠢᠭᠤᠯᠤᠨ᠂ ᠵᠠᠬᠢᠶᠠᠯᠠᠭ᠎ᠠ ᠶᠢᠨ ᠬᠠᠭᠤᠳᠠᠰᠤ ᠪᠠᠷ ᠦᠢᠯᠡᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠴᠢᠨ ᠮᠠᠯᠴᠢᠨ ᠵᠡᠷᠭᠡ ᠯᠦᠭᠡ ᠲᠣᠭᠲᠠᠪᠤᠷᠢᠲᠠᠢ ᠬᠠᠮᠵᠢᠯᠴᠠᠬᠤ ᠬᠠᠷᠢᠴᠠᠭ᠎ᠠ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶     ︵ᠭᠤᠷᠪᠠ︶ ᠨᠡᠷᠡᠲᠦ ᠲᠡᠮᠳᠡᠭ ᠢ ᠪᠣᠶᠢᠵᠢᠭᠤᠯᠬᠤ ᠪᠠ ᠡᠵᠡᠩᠨᠡᠨ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ    1. ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠪᠠᠨ ᠴᠢᠩᠭᠠᠷᠠᠭᠤᠯᠤᠨ᠎ᠠ᠃ ᠮᠠᠨ ᠤ ᠣᠷᠣᠨ ᠤ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠲᠣᠮᠣ ᠬᠡᠯᠪᠡᠷᠢ ᠶᠢᠨ ᠬᠡᠯᠬᠢᠶᠡᠵᠢᠭᠰᠡᠨ ᠨᠡᠷᠡᠲᠦ ᠲᠡᠮᠳᠡᠭ ᠪᠦᠬᠦᠢ ᠬᠡᠲᠦ ᠳᠡᠯᠭᠡᠭᠦᠷ ᠲᠤ ᠣᠷᠣᠭᠤᠯᠬᠤ ᠶᠢ ᠠᠬᠢᠭᠤᠯᠵᠤ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠪᠠ ᠭᠤᠣᠯ ᠪᠣᠯᠬᠤ ᠵᠠᠮ ᠬᠠᠷᠢᠯᠴᠠᠭᠠᠨ ᠤ ᠬᠦᠢᠰᠦ ᠵᠠᠩᠭᠢᠯᠠᠭ᠎ᠠ ᠳᠤ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠪᠦᠲᠦᠭᠡᠨ ᠪᠠᠶᠢᠭᠤᠯᠤᠨ᠎ᠠ᠃ ᠪᠠᠷᠠᠭ᠎ᠠ ᠶᠠᠪᠤᠭᠤᠯᠬᠤ ᠲᠥᠪᠯᠡᠷᠡᠩᠭᠦᠢ ᠰᠠᠩ ᠬᠥᠮᠥᠷᠭᠡ᠂ ᠤᠷᠢᠳᠠᠴᠢ ᠶᠡᠷᠦᠩᠬᠡᠶᠢᠯᠡᠭᠰᠡᠨ ᠰᠠᠩ ᠬᠥᠮᠥᠷᠭᠡ ᠪᠠᠶᠢᠭᠤᠯᠬᠤ ᠶᠢ ᠳᠠᠮᠵᠢᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠳ ᠢ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡ ᠶᠢᠨ ᠭᠠᠵᠠᠷ ᠣᠷᠣᠨ ᠳᠤ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠶᠢ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠬᠡᠷᠡᠭᠯᠡᠵᠦ᠂ ᠲᠤᠰᠬᠠᠢ ᠮᠡᠷᠭᠡᠵᠢᠯ ᠤᠨ ᠴᠢᠨᠠᠷᠲᠠᠢ ᠦᠵᠡᠰᠭᠦᠯᠡᠩ᠂ ᠦᠵᠡᠰᠭᠦᠯᠡᠩ ᠤᠨ ᠴᠤᠭᠯᠠᠭᠠᠨ᠂ ᠠᠷᠠᠯᠵᠢᠶ᠎ᠠ ᠴᠤᠭᠯᠠᠭᠠᠨ᠂ ᠰᠢᠯᠭᠠᠨ ᠲᠣᠭᠲᠠᠭᠠᠬᠤ ᠴᠤᠭᠯᠠᠭᠠᠨ᠂ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ ᠤᠷᠤᠯᠳᠤᠭᠠᠨ ᠵᠡᠷᠭᠡ ᠪᠠᠷ ᠳᠠᠮᠵᠢᠭᠤᠯᠤᠨ᠂ ᠮᠠᠨ ᠤ ᠣᠷᠣᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠦᠢᠯᠡ ᠠᠵᠢᠯᠯᠠᠭ᠎ᠠ ᠪᠠ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠢ ᠰᠤᠳᠤᠯᠵᠤ᠂ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠪᠠᠨ ᠴᠢᠩᠭᠠᠳᠬᠠᠨ᠂ ᠥᠷᠢᠰᠦᠯᠳᠦᠨ ᠮᠥᠷᠥᠶᠢᠴᠡᠬᠦ ᠵᠠᠮ ᠴᠢᠭᠯᠡᠯ ᠢᠶᠠᠨ ᠨᠠᠷᠢᠨ ᠬᠤᠪᠢᠶᠠᠵᠤ᠂ ᠵᠢᠵᠢᠭ ᠭᠠᠷᠳᠠᠴᠠ ᠶᠢ ᠣᠨᠣᠴᠠᠲᠠᠢ ᠣᠯᠵᠤ᠂ ᠨᠢᠭᠡ ᠪᠦᠯᠦᠭ ︽ᠥᠷᠨᠢᠯ ᠬᠦᠷᠢᠶᠡᠯᠡᠯ ᠲᠠᠢ ᠲᠠᠸᠠᠷ︾᠂ ︽ᠬᠠᠯᠠᠮᠰᠢᠯ ᠶᠡᠬᠡᠲᠡᠢ ᠪᠦᠲᠦᠭᠡᠭᠳᠡᠬᠦᠨ︾᠂ ︽ᠠᠩᠬᠠᠷᠤᠯ ᠢ ᠲᠠᠲᠠᠭᠰᠠᠨ ᠴᠡᠭ︾ ᠢ ᠪᠣᠢ ᠪᠣᠯᠭᠠᠨ᠎ᠠ᠃ ᠠᠵᠤ ᠠᠬᠤᠶᠢᠯᠠᠯ ᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠲᠤ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠢ ᠲᠦᠷᠢᠶᠡᠰᠦᠯᠡᠬᠦ ᠪᠤᠶᠤ ᠪᠠᠶᠢᠭᠤᠯᠬᠤ ᠪᠠᠷ ᠳᠠᠮᠵᠢᠭᠤᠯᠤᠨ᠂ ᠰᠣᠷᠭᠤᠭ ᠮᠢᠬᠠᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ︶    2. ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠶᠡᠬᠡᠰᠬᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ︽ᠠᠮᠢ ᠠᠬᠤᠢ ᠶᠢᠨ ᠥᠪᠥᠷ ᠮᠣᠩᠭᠤᠯ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠰᠦᠷᠲᠦ ᠵᠠᠭᠤᠴᠢᠯᠠᠭᠤᠷ ᠪᠠ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ ᠶᠢᠨ ᠡᠩᠨᠡᠭᠡ ᠳᠤ ᠲᠦᠰᠢᠭᠯᠡᠨ᠂ ᠨᠠᠷᠠᠲᠤ ᠲᠡᠮᠳᠡᠭ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯ ᠢ ᠢᠳᠡᠪᠬᠢᠲᠡᠢ ᠥᠷᠨᠢᠭᠦᠯᠬᠦ ᠶᠢ ᠨᠢ ᠳᠡᠮᠵᠢᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ᠂ ᠣᠷᠭᠠᠨᠢᠭ ᠭᠡᠷᠡᠴᠢᠯᠡᠯ ᠭᠤᠶᠤᠴᠢᠯᠠᠬᠤ ᠶᠢ ᠨᠢ ᠳᠡᠮᠵᠢᠨ᠎ᠡ᠃ ᠪᠢᠰᠢᠯᠠᠭ᠂ ᠱᠣᠣᠮᠠᠢ᠂ ᠦᠬᠡᠷ ᠤᠨ ᠪᠣᠷᠴᠠ᠂ ᠦᠬᠡᠷ ᠬᠤᠨᠢᠨ ᠤ ᠬᠤᠯᠢᠴᠠ᠂ ᠲᠥᠮᠥᠰᠥᠨ ᠬᠡᠷᠴᠢᠮ ᠲᠥᠮᠥᠰᠥᠨ ᠵᠦᠰᠦᠮ᠂ ᠲᠥᠪᠡᠳ ᠬᠠᠰᠢ ᠶᠢᠨ ᠰᠢᠭᠦᠰᠦ ᠵᠡᠷᠭᠡ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠲᠠᠯ᠎ᠠ ᠪᠠᠷ ᠥᠷᠨᠢᠯ ᠬᠦᠷᠢᠶᠡᠯᠡᠯ ᠲᠠᠢ ᠲᠠᠸᠠᠷ ᠢ ᠪᠣᠢ ᠪᠣᠯᠭᠠᠵᠤ᠂ ᠰᠣᠩᠭᠤᠳᠠᠭ ︽ᠭᠠᠷ ᠪᠡᠯᠡᠭ︾ ᠤᠨ ᠪᠦᠲᠦᠭᠡᠭᠳᠡᠬᠦᠨ ᠡᠭᠦᠳᠦᠨ ᠵᠣᠬᠢᠶᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠲᠠᠢ ᠢᠳᠡᠭᠡᠨ ᠤ ᠵᠦᠢᠯ ᠢ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ᠂ ᠲᠦᠷᠭᠡᠨ ᠤ ᠲᠡᠮᠦᠷ ᠵᠠᠮ᠂ ᠨᠢᠰᠬᠡᠯ ᠤᠨ ᠪᠠᠭᠤᠳᠠᠯ ᠳᠤ ᠣᠷᠣᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶    3. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ  ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠵᠣᠯᠭᠠᠭᠤᠯᠵᠤ᠂ ᠬᠦᠴᠦᠨ ᠴᠢᠳᠠᠯ  ᠢᠶᠠᠨ ᠡᠮᠬᠢᠯᠡᠨ ᠨᠡᠶᠢᠯᠡᠭᠦᠯᠵᠦ ᠪᠠᠶᠢᠭᠠᠳ ᠰᠠᠶᠢᠲᠤᠷ ᠦᠢᠯᠡᠴᠢᠯᠡᠬᠦ ᠬᠡᠷᠡᠭᠲᠡᠢ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠭᠠᠷᠳᠠᠮ ᠢ ᠲᠦᠷᠭᠡᠳᠬᠡᠨ ᠭᠦᠢᠴᠡᠳᠬᠡᠵᠦ᠂ ᠭᠡᠷᠡᠴᠢ ᠦᠨᠡᠮᠯᠡᠯ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠲᠦᠷᠭᠡᠬᠡᠨ ᠪᠦᠷᠢᠯᠳᠦᠭᠦᠯᠬᠦ ᠶᠢᠨ ᠬᠠᠮᠲᠤ ᠭᠠᠳᠠᠭᠠᠳᠤ ᠳᠤ ᠭᠠᠷᠭᠠᠬᠤ ᠬᠡᠪᠴᠢᠶᠡᠵᠢᠯ ᠢ ᠨᠢ ᠥᠷᠭᠡᠳᠬᠡᠨ᠎ᠡ᠃ ᠣᠯᠠᠨ ᠤᠯᠤᠰ ᠤᠨ ᠴᠢᠨᠠᠷᠲᠠᠢ ᠳᠡᠯᠭᠡᠨ ᠪᠣᠷᠣᠯᠠᠭᠤᠯᠬᠤ ᠴᠤᠭᠯᠠᠭᠠᠨ᠂ ᠦᠵᠡᠰᠬᠦᠯᠡᠩ ᠵᠡᠷᠭᠡ ᠶᠢ ᠠᠰᠢᠭᠯᠠᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ ᠠᠷᠠᠯᠵᠢᠶᠠᠨ ᠤ ᠡᠬᠢ ᠪᠠᠶᠠᠯᠢᠭ ᠲᠠᠢ ᠵᠣᠯᠭᠠᠭᠤᠯᠵᠤ᠂ ᠠᠵᠤ ᠠᠬᠤᠶᠢᠯᠠᠯ ᠤᠳ ᠤᠨ ᠬᠠᠷᠢᠴᠠᠭᠠᠨ ᠤ ᠡᠷᠦᠭᠡ ᠲᠠᠢ ᠶᠠᠷᠢᠯᠴᠠᠵᠤ ᠨᠡᠪᠲᠡᠷᠡᠯᠴᠡᠬᠦ᠂ ᠵᠠᠬᠢᠶᠠᠯᠠᠭ᠎ᠠ ᠶᠢᠨ ᠬᠠᠭᠤᠳᠠᠰᠤ ᠶᠢ ᠰᠢᠢᠳᠪᠦᠷᠢᠯᠡᠵᠦ ᠠᠳᠬᠤᠬᠤ᠂ ᠵᠠᠬ᠎ᠠ ᠳᠡᠯᠭᠡᠭᠦᠷ ᠢᠶᠠᠨ ᠥᠷᠭᠡᠵᠢᠭᠦᠯᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠯᠵᠢᠶ᠎ᠠ ᠠᠬᠢᠭᠤᠯᠬᠤ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ︶
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ