ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 3
ᠨᠡᠶᠢᠲᠡᠯᠡᠭᠰᠡᠨ ᠴᠠᠭ᠄
2025/4/15
     ︵ᠳᠥᠷᠪᠡ︶ ᠢᠳᠡᠭᠡᠨ ᠤ ᠠᠮᠤᠷ ᠲᠦᠪᠰᠢᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ    1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠡᠳ᠋ᠰᠢᠭᠦᠯᠦᠨ ᠪᠣᠯᠪᠠᠰᠤᠷᠠᠭᠤᠯᠬᠤ ᠲᠦᠭᠦᠬᠡᠢ ᠡᠳ᠋᠂ ᠮᠡᠷᠭᠡᠵᠢᠯ ᠤᠨ ᠲᠣᠨᠤᠭ ᠲᠥᠬᠦᠭᠡᠷᠦᠮᠵᠢ᠂ ᠠᠵᠢᠯᠯᠠᠬᠤ ᠳᠦᠷᠢᠮᠯᠡᠯ᠂ ᠪᠦᠲᠦᠭᠡᠭᠳᠡᠬᠦᠨ ᠤ ᠭᠦᠢᠯᠭᠡᠭᠡ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠤᠯᠤᠰ᠂ ᠠᠵᠢᠯ ᠲᠥᠷᠥᠯ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠳᠤ ᠢᠳᠡᠪᠬᠢᠲᠡᠢ ᠣᠷᠣᠯᠴᠠᠬᠤ ᠶᠢ ᠨᠢ ᠵᠣᠷᠢᠭᠵᠢᠭᠤᠯᠤᠨ᠎ᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶ᠎ᠠ ᠶᠣᠰᠣᠭᠠᠷ ᠦᠢᠯᠡᠳᠪᠦᠷᠢᠯᠡᠭᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠪᠠᠷᠢᠮᠵᠢᠶᠠᠵᠢᠯᠲᠠ᠂ ᠲᠣᠨᠤᠭ ᠲᠥᠬᠦᠭᠡᠷᠦᠮᠵᠢ ᠶᠢᠨ ᠣᠶᠤᠨᠴᠢᠯᠠᠯᠲᠠ᠂ ᠶᠠᠪᠤᠴᠠ ᠶᠢᠨ ᠪᠣᠬᠢᠷᠲᠤᠯ ᠦᠬᠡᠶᠢᠵᠢᠯᠲᠡ᠂ ᠪᠦᠲᠦᠭᠡᠭᠳᠡᠬᠦᠨ ᠤ ᠰᠢᠮ᠎ᠡ ᠲᠡᠵᠢᠭᠡᠯᠵᠢᠯᠲᠡ ᠶᠢ ᠠᠬᠢᠭᠤᠯᠤᠨ᠎ᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠲᠤᠬᠠᠢ ᠥᠪᠡᠷ ᠤᠨ ᠢᠯᠡᠷᠬᠡᠶᠢᠯᠡᠯᠲᠡ ᠪᠠᠨ ᠢᠯᠡ ᠪᠤᠯᠭᠠᠬᠤ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠭᠤᠳ ︽ᠠᠵᠤ ᠠᠬᠤᠶᠢᠯᠠᠯ ᠤᠨ ᠪᠠᠷᠢᠮᠵᠢᠶᠠᠨ ᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠳᠤ ᠭᠠᠷᠴᠤ ᠥᠪᠡᠷ ᠤᠨ ᠢᠯᠡᠷᠬᠡᠶᠢᠯᠡᠯᠲᠡ ᠪᠠᠨ ᠢᠯᠡ ᠪᠠᠷ ᠠᠮᠠᠯᠠᠯᠲᠠ ᠬᠢᠬᠦ ᠶᠢ ᠵᠣᠷᠢᠭᠵᠢᠭᠤᠯᠵᠤ᠂ ᠢᠳᠡᠭᠡᠨ ᠤ ᠵᠦᠢᠯ ᠤᠨ ᠪᠠᠷᠢᠮᠵᠢᠶᠠᠨ ᠤ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    2. ᠪᠥᠬᠦ ᠬᠡᠯᠬᠢᠶᠡᠨ ᠤ ᠠᠮᠤᠷ ᠲᠦᠪᠰᠢᠨ ᠤ ᠲᠠᠯ᠎ᠠ ᠳᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠳᠤ ᠭᠦᠷᠦᠭᠰᠡᠨ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠪᠠ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠦᠢᠯᠡᠳᠪᠦᠷᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠵᠤ ᠪᠣᠯᠬᠤ᠂ ᠪᠦᠲᠦᠭᠡᠭᠳᠡᠬᠦᠨ ᠤ ᠭᠦᠢᠯᠭᠡᠭᠡᠨ ᠤ ᠬᠠᠨᠳᠤᠰᠢ ᠶᠢ ᠮᠥᠷᠳᠡᠵᠦ ᠪᠣᠯᠬᠤ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠶᠢ ᠪᠡᠶᠡᠯᠡᠭᠦᠯᠦᠨ᠎ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠢᠯᠡᠳᠪᠦᠷᠢ ᠠᠴᠠ ᠭᠠᠷᠬᠤ ᠪᠦᠲᠦᠭᠡᠭᠳᠡᠬᠦᠨ ᠤ ᠬᠢᠷᠢ ᠲᠡᠩᠴᠡᠬᠦ ᠶᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ᠂ ᠬᠤᠣᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠡᠵᠡᠮᠳᠡᠯ ᠤᠨ ᠴᠡᠭ ︵HACCP︶ ᠵᠡᠷᠭᠡ ᠲᠣᠭᠲᠠᠯᠴᠠᠭ᠎ᠠ ᠶᠢᠨ ᠭᠡᠷᠡᠴᠢᠯᠡᠯ ᠢ ᠥᠷᠨᠢᠭᠦᠯᠦᠨ᠎ᠡ᠃ ᠢᠳᠡᠭᠡᠨ ᠤ ᠵᠦᠢᠯ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠲᠠᠯ᠎ᠠ ᠪᠠᠷ ᠬᠢ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠪᠦᠲᠦᠭᠡᠭᠳᠡᠬᠦᠨ ᠤ ᠶᠠᠰᠤ ᠴᠢᠨᠠᠷ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶     ︵ᠲᠠᠪᠤ︶ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠᠨ ᠰᠢᠯᠢᠳᠡᠭᠵᠢᠭᠦᠯᠦᠨ᠎ᠡ    1. ᠵᠢᠭᠡᠯᠡᠯᠭᠡ ᠶᠢᠨ ᠪᠡᠯᠡ ᠲᠣᠬᠢᠷᠠᠭᠤᠯᠭ᠎ᠠ  ᠳᠠᠬᠢ ᠳᠡᠮᠵᠢᠯᠭᠡ ᠪᠠᠨ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢ ᠡᠵᠡᠮᠳᠡᠵᠦ ᠪᠣᠯᠬᠤ ᠨᠥᠬᠦᠴᠡᠯ ᠳᠣᠣᠷ᠎ᠠ᠂ ᠮᠥᠩᠭᠦᠨ ᠭᠦᠢᠯᠭᠡᠭᠡᠨ ᠤ ᠨᠡᠷᠡᠳᠬᠦᠨ ᠳᠤ ᠪᠠᠨ ᠰᠢᠨ᠎ᠡ ᠶᠢ ᠡᠭᠦᠳᠴᠦ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢᠶᠠᠨ ᠤᠷᠲᠤᠳᠬᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠤᠯᠠᠷᠢᠯ ᠤᠨ ᠴᠢᠨᠠᠷᠲᠠᠢ᠂ ᠲᠥᠪᠯᠡᠷᠡᠩᠭᠦᠢ ᠴᠢᠨᠠᠷᠲᠠᠢ ᠪᠠᠷ ᠲᠦᠭᠦᠬᠡᠢ ᠡᠳ᠋ ᠬᠤᠳᠠᠯᠳᠤᠨ ᠠᠪᠬᠤ ᠶᠢ ᠳᠡᠮᠵᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ᠂ ᠰᠠᠩ ᠬᠥᠮᠥᠷᠭᠡ ᠶᠢᠨ ᠬᠠᠭᠤᠳᠠᠰᠤ᠂ ᠠᠪᠴᠠᠭᠠᠨ ᠤ ᠵᠣᠭᠤᠰ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠦᠷᠨᠢᠭᠦᠯᠦᠬᠦᠯᠦᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠴᠢᠳᠠᠮᠵᠢ ᠶᠢ ᠴᠢᠩᠭᠠᠷᠠᠭᠤᠯᠵᠤ᠂ ᠣᠨ ᠤ ᠳᠠᠭᠠᠭᠠᠯᠲᠠ ᠬᠢᠭᠰᠡᠨ ᠵᠠᠷᠤᠳᠠᠯ ᠤᠨ ᠨᠣᠷᠮ᠎ᠠ ᠶᠢ 0.6% ᠠᠴᠠ ᠥᠨᠳᠥᠷ ᠪᠠᠶᠢᠯᠭᠠᠬᠤ ᠦᠭᠡᠢ ᠪᠠ ᠳᠠᠭᠠᠭᠠᠯᠲᠠ ᠬᠢᠬᠦ ᠬᠡᠪᠴᠢᠶ᠎ᠡ ᠶᠢ ᠶᠡᠬᠡᠰᠬᠡᠭᠰᠡᠨ ᠳᠠᠬᠢᠨ ᠲᠣᠭᠠᠨ ᠤ ᠬᠤᠣᠰ ᠰᠢᠯᠭᠠᠨ ᠬᠢᠨᠠᠬᠤ ᠭᠦᠢᠴᠡᠳᠬᠡᠯ ᠲᠣᠭᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠢᠯ ᠡᠷᠬᠢᠯᠡᠵᠦ ᠪᠠᠶᠢᠭ᠎ᠠ ᠵᠣᠬᠢᠮᠵᠢᠲᠠᠢ ᠬᠡᠪᠴᠢᠶᠡᠲᠦ ᠡᠵᠡᠩᠨᠡᠯᠲᠡ ᠶᠢᠨ ᠭᠤᠣᠯ ᠴᠣᠭᠴᠠ ᠳᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠬᠠᠩᠭᠠᠨ᠎ᠠ᠃ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠨᠢ ᠪᠣᠶᠢᠵᠢᠭᠤᠯᠤᠨ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠰᠢᠭᠯᠠᠨ᠎ᠠ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ︶    2. ᠳᠠᠭᠠᠳᠬᠠᠯ ᠤᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠷᠨᠢᠭᠦᠯᠦᠨ᠎ᠡ᠃ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠤᠨ ᠵᠠᠷᠤᠳᠠᠯ ᠳᠤ ᠨᠡᠮᠡᠭᠦᠷᠢ ᠥᠭᠬᠦ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠴᠢ ᠶᠢᠨ ᠬᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠥᠷᠨᠢᠭᠦᠯᠬᠦ ᠶᠢ ᠵᠣᠷᠢᠭᠵᠢᠭᠤᠯᠵᠤ᠂ ᠡᠳ᠋ ᠤᠨ ᠵᠠᠰᠠᠭ ᠤᠨ ᠳᠠᠭᠠᠭᠠᠵᠤ ᠳᠡᠶᠢᠯᠬᠦ ᠴᠢᠳᠠᠪᠤᠷᠢ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ᠂ ᠲᠤᠷᠰᠢᠯᠲᠠ ᠬᠢᠵᠦ ᠥᠷᠨᠢᠭᠦᠯᠦᠭᠰᠡᠨ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠲᠤᠯᠭᠠᠭᠤᠷᠢᠯᠠᠯ ᠤᠨ ᠦᠷ᠎ᠡ ᠪᠦᠲᠦᠮᠵᠢ ᠪᠠᠷ ᠨᠡᠯᠢᠶᠡᠳ ᠰᠠᠶᠢᠨ ᠪᠣᠯᠬᠤ ᠳᠠᠭᠠᠳᠬᠠᠯ ᠤᠨ ᠵᠦᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠡᠮᠡᠭᠦᠷᠢ ᠶᠢᠨ ᠬᠡᠪᠴᠢᠶᠡᠨ ᠳᠤ ᠴᠠᠭ ᠲᠤ ᠨᠢ ᠲᠣᠬᠢᠷᠠᠭᠤᠯᠤᠨ ᠣᠷᠣᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠭᠤᠯᠬᠤ ᠦᠢᠯᠡᠰ ᠲᠤ ᠨᠡᠶᠢᠴᠡᠭᠰᠡᠨ ᠬᠤᠳᠠᠯᠳᠤᠭᠠᠨ ᠤ ᠳᠠᠭᠠᠳᠬᠠᠯ ᠤᠨ ᠲᠦᠷᠦᠯ ᠵᠦᠢᠯ ᠢ ᠰᠦᠪᠡᠭᠴᠢᠯᠡᠨ ᠭᠠᠷᠭᠠᠭᠤᠯᠵᠤ᠂ ᠥᠪᠡᠷ ᠤᠨ ᠦᠷᠲᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠠᠷᠠᠭ᠎ᠠ ᠲᠡᠭᠡᠭᠡᠪᠦᠷᠢ ᠶᠢᠨ ᠳᠠᠭᠠᠳᠬᠠᠯ ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠯ ᠨᠡᠷᠡᠳᠬᠦᠨ ᠳᠤ ᠰᠢᠨ᠎ᠡ ᠡᠭᠦᠳᠦᠯᠲᠡ ᠭᠠᠷᠭᠠᠨ ᠳᠡᠯᠭᠡᠷᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    3. ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠎ᠡ᠃ ᠬᠥᠳᠡᠭᠡ ᠳᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠡᠮᠵᠢᠨ᠎ᠡ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠣᠷᠤᠭᠤᠯᠬᠤ ᠳᠤ ᠲᠣᠭᠲᠠᠭᠠᠯ ᠶᠣᠰᠣᠭᠠᠷ ᠦᠷᠲᠡᠭ ᠨᠡᠮᠡᠭᠳᠡᠯ ᠤᠨ ᠭᠠᠶᠢᠯᠢ ᠶᠢᠨ ᠣᠷᠤᠭᠤᠯᠤᠯᠲᠠ ᠶᠢᠨ ᠭᠠᠶᠢᠯᠢ ᠶᠢ ᠲᠤᠯᠭᠠᠨ ᠰᠠᠭᠤᠯᠭᠠᠵᠤ ᠪᠣᠯᠣᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠪᠣᠯ ᠭᠠᠶᠢᠯᠢ ᠲᠤᠰᠢᠶᠠᠬᠤ ᠶᠣᠰᠣᠲᠠᠢ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠲᠣᠭᠠᠴᠠᠭ᠎ᠠ ᠬᠢᠨ᠎ᠡ᠃ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠬᠤᠢ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠠᠴᠠ ᠬᠠᠤᠯᠢ ᠶᠣᠰᠣᠭᠠᠷ ᠬᠠᠰᠤᠵᠤ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ᠳᠥᠷᠪᠡ᠂ ᠠᠵᠢᠯ ᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠬᠥᠭᠵᠢᠭᠦᠯᠬᠦ ᠲᠦᠷᠦᠯ ᠢᠯᠭᠠᠯ ᠪᠠ ᠪᠦᠲᠦᠭᠡᠭᠳᠡᠬᠦᠨ ᠢᠶᠠᠨ ᠲᠣᠳᠣᠷᠬᠠᠢ ᠪᠤᠯᠭᠠᠬᠤ ᠶᠢᠨ ᠬᠠᠮᠲᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠪᠠ ᠦᠨᠡᠮᠯᠡᠯ ᠭᠦᠢᠴᠡᠳᠬᠡᠬᠦ ᠦᠢᠯᠡᠴᠢᠯᠡᠭᠡ ᠪᠠᠨ ᠴᠢᠩᠭᠠᠷᠠᠭᠤᠯᠵᠤ᠂ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠨ᠎ᠠ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠣᠳᠣᠬᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢᠶᠠᠨ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠪᠠᠨ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345 ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ᠂ ᠬᠥᠭᠵᠢᠯᠲᠡ ᠶᠢᠨ ᠢᠲᠡᠭᠡᠯ ᠵᠣᠷᠢᠭ ᠪᠠ ᠥᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠷᠢᠯᠢᠭ ᠣᠨᠣᠴᠠᠲᠠᠢ ᠪᠠᠷ ᠵᠢᠯᠤᠭᠤᠳᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠮᠥᠷᠳᠡᠵᠦ ᠦᠷ᠎ᠡ ᠪᠦᠲᠦᠮᠵᠢ  ᠶᠢ ᠨᠢ ᠲᠤᠯᠭᠠᠨ ᠠᠰᠠᠭᠤᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠭᠰᠠᠨ ᠪᠠᠶᠢᠳᠠᠯ ᠳᠤ ᠣᠨ ᠤ ᠦᠨᠡᠯᠡᠯᠲᠡ ᠬᠢᠵᠦ᠂ ᠦᠨᠳᠦᠰᠦᠨ ᠱᠠᠲᠤᠨ ᠤ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠦᠵᠡᠯ ᠤᠬᠠᠮᠰᠠᠷ ᠢ ᠪᠣᠢ ᠪᠣᠯᠭᠠᠭᠰᠠᠨ᠂ ᠪᠣᠳᠠᠲᠠᠢ  ᠲᠠᠢ ᠪᠠᠨ ᠤᠶᠠᠯᠳᠤᠭᠤᠯᠤᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ᠂ ᠡᠳ᠋ᠰᠢᠭᠦᠯᠦᠨ ᠪᠤᠯᠪᠠᠰᠤᠷᠠᠭᠤᠯᠵᠦ ᠡᠵᠡᠩᠨᠡᠨ ᠪᠣᠷᠣᠯᠠᠭᠤᠯᠬᠤ ᠶᠢ ᠠᠬᠢᠭᠤᠯᠵᠤ ᠦᠷ᠎ᠡ ᠪᠦᠲᠦᠮᠵᠢ ᠭᠠᠷᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠦᠨᠡᠯᠡᠬᠦ ᠶᠢᠨ ᠬᠠᠮᠲᠤ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠪᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠦᠷᠦᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠦᠨᠡᠯᠡᠯᠲᠡ ᠬᠢᠭᠡᠳ ᠤᠷᠢᠳᠠᠭᠤᠷ ᠪᠠᠶᠢᠷᠢᠯᠠᠵᠤ ᠪᠠᠶᠢᠭ᠎ᠠ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ