ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ | ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ | ᠨᠢᠭᠡ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠬᠦ ᠲᠦᠷᠦ ᠶᠢᠨ ᠪᠣᠳᠣᠯᠭ᠎ᠠ | 1. ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ᠎ᠡ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠷᠥᠯ | ᠵᠦᠢᠯ ᠳᠤ ᠲᠦᠰᠢᠭᠯᠡᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠤᠨ ᠰᠢᠶᠠᠨ ᠤ | ᠬᠡᠪᠴᠢᠶᠡᠨ ᠳᠤ ᠭᠦᠨᠵᠡᠭᠡᠶᠢᠷᠡᠬᠦ ᠶᠢ ᠳᠡᠮᠵᠢᠵᠦ᠂ ᠭᠤᠣᠯ ᠭᠠᠷᠤᠯᠲᠠ ᠶᠢᠨ ᠣᠷᠣᠨ ᠳᠤ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ | ᠪᠠᠶᠢᠷᠢᠰᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠬᠤ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ︵ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠳᠡᠮᠵᠢᠬᠦ ᠲᠥᠷᠥ ᠶᠢᠨ ᠪᠣᠳᠣᠯᠭ᠎ᠠ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ︶ | ᠬᠤᠶᠠᠷ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ | 2. ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶ᠎ᠡ ᠴᠠᠷᠠᠭᠠᠨ ᠳᠤ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠡᠭᠦᠳᠦᠨ ᠪᠠᠶᠢᠭᠤᠯᠬᠤ ᠶᠢ | ᠳᠠᠮᠵᠢᠨ᠎ᠠ᠃ ᠰᠢᠨ᠎ᠡ ᠪᠠᠷ ᠤᠯᠤᠰ ᠤᠨ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ᠂ | ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠦᠢᠯᠡᠳᠪᠦᠷᠢ᠂ ᠪᠣᠬᠢᠷᠳᠤᠯ ᠦᠭᠡᠢ | ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ | ᠥᠪᠥᠷ ᠵᠠᠰᠠᠭ ᠲᠠᠷᠬᠠᠭᠠᠭᠰᠠᠨ ﹇2024﹈ 6 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠬᠠᠷᠢᠭᠤᠴᠠᠨ᠎ᠠ︶ | ᠭᠤᠷᠪᠠ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠲᠦᠷᠦ ᠶᠢᠨ ᠪᠣᠳᠣᠯᠭ᠎ᠠ | 3. ᠣᠳᠣ ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ᠃ 2024 ᠣᠨ ︵ᠪᠠᠭᠲᠠᠨ᠎ᠠ︶ ᠠᠴᠠ ᠰᠡᠭᠦᠯᠡᠷ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠡᠷᠭᠢᠯᠲᠡᠲᠦ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠵᠦ ᠣᠷᠣᠭᠤᠯᠤᠨ᠎ᠠ᠂ ᠨᠢᠭᠡ ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠠᠷ ᠮᠥᠷᠲᠡᠭᠡᠨ 2% ᠠᠴᠠ | ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠵᠦ᠂ | ᠲᠡᠳᠡᠨᠡᠷ ᠤᠨ ᠲᠠᠷᠢᠶᠠᠯᠠᠩ ᠤᠨ ᠠᠵᠤ ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠮᠠᠭᠠᠳᠯᠠᠨ ᠲᠣᠭᠲᠠᠭᠠᠭᠳᠠᠬᠤ ᠶᠢ ᠵᠣᠷᠢᠭᠵᠢᠭᠤᠯᠤᠨ᠎ᠠ᠃ | ᠰᠢᠨ᠎ᠡ ᠪᠠᠷ ᠮᠠᠭᠠᠳᠯᠠᠨ ᠲᠣᠭᠲᠠᠭᠠᠭᠳᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ | ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 61 ᠳ᠋ᠦ᠋ᠭᠡᠷ ᠲᠣᠭᠠᠲᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 4. ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠎ᠠ᠃ ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ ᠶᠢ ᠳᠡᠮᠵᠢᠬᠦ ᠶᠢᠨ ᠬᠠᠮᠲᠤ᠂ ᠲᠠᠷᠢᠶᠠᠴᠢᠳ ᠲᠠᠢ ᠬᠠᠷᠢᠯᠴᠠᠬᠤ ᠲᠠᠷᠢᠶᠠᠴᠢᠳ ᠢ ᠳᠠᠶᠢᠴᠢᠯᠠᠬᠤ | ᠲᠣᠭᠲᠠᠴᠠ ᠪᠠᠨ ᠲᠡᠭᠦᠯᠳᠡᠷᠵᠢᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠪᠥᠭᠡᠳ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ | 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ | ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠭᠢᠯᠲᠡᠲᠦ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ | ᠪᠡᠯᠡ ᠮᠥᠩᠭᠦ ᠵᠢᠭᠡᠯᠡᠵᠦ ᠣᠷᠣᠭᠤᠯᠤᠨ᠎ᠠ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ | ︵LPR︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ | ᠦᠯᠦ ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 61 ᠳ᠋ᠦ᠋ᠭᠡᠷ ᠲᠣᠭᠠᠲᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | 5. ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ᠃ 2024 ᠣᠨ ᠠᠴᠠ ᠰᠡᠭᠦᠯᠡᠷ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1. 6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ | ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ | ᠪᠤᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ ᠪᠣᠯ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ | ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ ᠶᠢᠨ ᠳᠡᠮᠵᠢᠯᠭᠡ ᠦᠵᠡᠭᠦᠯᠦᠨ᠎ᠡ᠃ ︵ᠥᠪᠥᠷ ᠵᠠᠰᠠᠭ ᠠᠯᠪᠠᠨ | ᠲᠠᠷᠬᠠᠭᠠᠭᠰᠠᠨ ﹇2024﹈ 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠬᠠᠷᠢᠭᠤᠴᠠᠨ᠎ᠠ︶ | 6. ᠤᠷᠢᠳᠴᠢᠯᠠᠨ ᠬᠢᠭᠰᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ | ᠬᠢᠭᠰᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ ᠰᠦᠯᠵᠢᠶᠡᠨ ᠤ ᠪᠣᠷᠤᠯᠠᠭᠤᠯᠭ᠎ᠠ᠂ ᠣᠨᠴᠠᠯᠢᠭᠲᠤ ᠨᠠᠷᠠᠲᠤ ᠲᠡᠮᠳᠡᠭ ᠤᠨ ᠲᠠᠯ᠎ᠠ ᠳᠤ ᠲᠣᠰ ᠪᠦᠷᠢ ᠠᠷᠪᠠᠨ | ᠬᠦᠴᠦᠷᠬᠡᠭ ᠢᠶᠠᠷ ᠰᠢᠯᠭᠠᠷᠠᠭᠤᠯᠤᠭᠰᠠᠨ ᠠᠵᠤ ᠠᠬᠤᠶᠢᠯᠠᠯ ᠳᠤ᠂ ᠪᠣᠷᠤᠯᠠᠭᠤᠯᠭ᠎ᠠ ᠶᠢᠨ ᠬᠡᠮᠵᠢᠶ᠎ᠡ ᠨᠢ ᠳᠡᠭᠡᠷ᠎ᠡ ᠨᠢᠭᠡ ᠵᠢᠯ ᠲᠠᠢ ᠪᠠᠨ ᠬᠠᠷᠢᠴᠠᠭᠤᠯᠪᠠᠯ 100 ᠲᠦᠮᠡᠨ | ᠲᠥᠭᠦᠷᠢᠭ ᠨᠡᠮᠡᠭᠳᠡᠬᠦ ᠪᠦᠷᠢ 2 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠳᠠᠪᠠᠭᠤᠯᠬᠤ | ᠦᠭᠡᠢ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠣᠨ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ︵ᠥᠪᠥᠷ ᠵᠠᠰᠠᠭ ᠠᠯᠪᠠᠨ ᠲᠠᠷᠬᠠᠭᠠᠭᠰᠠᠨ ﹇ | 2024﹈ 61 ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 7. ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠪ ᠵᠠᠭᠪᠤᠷ ᠲᠤ ᠪᠠᠨ ᠰᠢᠨ᠎ᠡ ᠶᠢ ᠡᠭᠦᠳᠦᠨ᠎ᠡ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯ | ᠲᠠᠢ ᠠᠵᠤ ᠠᠬᠤᠶᠢᠯᠠᠯ ᠳᠤ ᠭᠡᠷᠡᠴᠢᠯᠡᠯ ᠬᠢᠭᠰᠡᠨ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ 2024 | ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠭᠠᠷᠤᠯᠲᠠ ᠨᠢ 1000 | ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠯ ᠤᠨ ᠵᠠᠷᠤᠳᠠᠯ ᠢ ᠪᠦᠭᠦ ᠲᠤᠭ᠎ᠠ ᠪᠠᠷ ᠱᠠᠩᠨᠠᠵᠤ ᠨᠥᠬᠦᠪᠦᠷᠢᠯᠡᠨ᠂ ᠪᠣᠳᠠᠲᠠᠢ ᠪᠠᠷᠢᠮᠵᠢᠶ᠎ᠠ ᠶᠢ | ᠳᠡᠭᠡᠷ᠎ᠡ ᠨᠢᠭᠡ ᠵᠢᠯ ᠤᠨ ᠭᠡᠷᠡᠴᠢᠯᠡᠯ ᠤᠨ ᠭᠠᠷᠤᠯᠲᠠ ᠶᠢᠨ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 61 | ᠳ᠋ᠦ᠋ᠭᠡᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ | ᠰᠢᠨᠡᠳᠬᠡᠬᠦ ᠶᠢ ᠳᠡᠮᠵᠢᠨ᠎ᠡ᠃ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠨᠢᠭᠡᠨᠲᠡ ᠠᠵᠢᠯ ᠳᠠᠭᠤᠰᠬᠠᠭᠰᠠᠨ | ᠦᠢᠯᠡᠳᠬᠦ ᠦᠢᠯᠡᠰ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠭᠰᠡᠨ ᠪᠠ ᠲᠥᠬᠦᠭᠡᠷᠦᠮᠵᠢ ᠪᠠᠨ ᠰᠢᠨᠡᠳᠬᠡᠭᠰᠡᠨ ᠳᠦᠷᠦᠯ ᠵᠦᠢᠯ ᠳᠤ ᠪᠣᠯ᠂ ᠰᠢᠨᠡᠳᠬᠡᠨ | ᠥᠭᠡᠷᠡᠴᠢᠯᠡᠭᠰᠡᠨ ᠲᠥᠬᠦᠭᠡᠷᠦᠮᠵᠢ ᠪᠠ ᠵᠥᠭᠡᠯᠡᠨ ᠬᠡᠷᠡᠭᠰᠡᠯ ᠤᠨ ᠪᠡᠯᠡ ᠣᠷᠣᠭᠤᠯᠥᠯᠳᠡ ᠶᠢᠨ 20% ᠶᠣᠰᠣᠭᠠᠷ᠂ ᠳᠠᠩ ᠭᠠᠭᠴᠠ ᠳᠦᠷᠦᠯ ᠵᠦᠢᠯ ᠳᠤ 500 | ᠲᠦᠮᠡᠨ ᠲᠥᠭᠦᠷᠢᠭ ᠠᠴᠠ ᠦᠯᠦ ᠳᠠᠪᠠᠭᠤᠯᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 9. ᠳᠤᠮᠳᠠ ᠵᠢᠵᠢᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ | ᠠᠬᠤᠶᠢᠯᠠᠯ ᠢ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ | ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 10. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ | ᠳᠡᠮᠵᠢᠵᠦ᠂ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠪᠠᠶᠢᠭᠠᠯᠢᠯᠢᠭ ᠪᠢᠰᠢᠯᠠᠭ᠂ ᠰᠢᠷᠠᠰᠤ᠂ ᠰᠦᠨ ᠲᠡᠮᠦᠷᠲᠥ ᠤᠭᠤᠷᠠᠭ | ᠵᠡᠷᠭᠡ ᠶᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ᠂ ᠲᠥᠬᠦᠭᠡᠷᠦᠮᠵᠢ ᠶᠢᠨ ᠪᠡᠯᠡ ᠣᠷᠣᠭᠤᠯᠤᠭᠰᠠᠨ ᠶᠡᠷᠦᠩᠬᠡᠢ ᠲᠣᠭᠠᠨ ᠤ | 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ | 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 11. ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ᠂ ᠵᠢᠵᠢᠭ | ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠᠶᠢᠭᠰᠠᠨ ᠠᠴᠠ ᠪᠠᠨ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ | ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠠᠶᠢᠪᠠᠯ᠂ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ᠣᠷᠣᠨ ᠨᠤᠲᠤᠭ ᠤᠨ | ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠢ ᠳᠡᠮᠵᠢᠵᠦ ᠪᠠᠶᠢᠭᠠᠳ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠦᠨ᠂ ᠬᠡᠪᠴᠢᠶᠡᠵᠢᠭᠦᠯᠦᠨ | ᠡᠵᠡᠩᠨᠡᠬᠦ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ | ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠤᠨ ᠬᠢᠨ ᠤ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ ᠤᠳᠠᠭ᠎ᠠ ᠳᠤ 10 ᠲᠦᠮᠡᠨ | ᠲᠥᠭᠦᠷᠢᠭ ᠢᠶᠠᠷ ᠱᠠᠩᠨᠠᠨ ᠬᠥᠬᠢᠭᠦᠯᠵᠦ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ | ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠰᠦ ᠬᠡᠷᠡᠭᠯᠡᠵᠦ | ᠪᠠᠶᠢᠭᠠᠳ ᠪᠠᠶᠢᠭᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠪᠠᠶᠢᠭᠠᠯᠢᠯᠢᠭ ᠪᠢᠰᠢᠯᠠᠭ | ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ᠃ ︵ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 13. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠪᠠᠨ | ᠨᠡᠮᠡᠭᠳᠡᠭᠦᠯᠬᠦ ᠶᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ | 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠤᠰ ᠪᠦᠷᠢ 50% ᠪᠠᠷ ᠳᠠᠭᠠᠭᠠᠨ | ᠡᠭᠦᠷᠭᠡᠯᠡᠨ᠎ᠡ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 14. ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠬᠠᠭᠤᠳᠠᠰᠤᠨ ᠳᠤ ᠨᠡᠮᠡᠭᠦᠷᠢ ᠣᠯᠭᠤᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ | ᠲᠥᠮᠥᠰᠥᠨ ᠤ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠮᠠᠯ ᠤᠨ ᠡᠷᠦᠬᠡ ᠲᠠᠢ ᠲᠣᠭᠲᠠᠪᠤᠷᠢᠲᠠᠢ ᠠᠰᠢᠭ ᠲᠤᠰᠠ | ᠬᠤᠯᠪᠣᠭᠳᠠᠭᠤᠯᠬᠤ ᠲᠣᠭᠲᠠᠴᠠ ᠪᠠᠶᠢᠭᠤᠯᠵᠤ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦᠨ ᠪᠦᠬᠦᠢ ᠵᠠᠬᠢᠶᠠᠯᠠᠭ᠎ᠠ ᠶᠢᠨ ᠬᠠᠭᠤᠳᠠᠰᠤ ᠶᠢ | ᠪᠦᠷᠢᠯᠳᠦᠭᠦᠯᠦᠭᠰᠡᠨ ᠪᠠᠶᠢᠪᠠᠯ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠤᠨ ᠤ ᠨᠡᠮᠡᠭᠦᠷᠢ ᠣᠯᠭᠤᠨ᠎ᠠ᠃ ︵ᠥᠪᠥᠷ ᠵᠠᠰᠠᠭ ᠠᠯᠪᠠᠨ | ᠲᠠᠷᠬᠠᠭᠠᠭᠰᠠᠨ ﹇2023﹈ 55 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠬᠠᠷᠢᠭᠤᠴᠠᠨ᠎ᠠ︶ | | |