ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠶᠢ ᠳᠡᠮᠵᠢᠬᠦ ᠲᠦᠷᠦ ᠶᠢᠨ ᠪᠣᠳᠣᠯᠭ᠎ᠠ | 15. ᠲᠠᠷᠢᠶ᠋ᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠬᠥᠭᠵᠢᠭᠦᠯᠬᠦ ᠶᠢ ᠳᠡᠮᠵᠢᠨ᠎ᠡ᠃ ᠰᠢᠨ᠎ᠡ ᠪᠠᠷ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠶᠢᠨ ᠲᠥᠪ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠨᠢᠭᠡ ᠯᠡ ᠤᠳᠠᠭ᠎ᠠ ᠳᠤ ᠲᠣᠰ ᠪᠦᠷᠢ 100 ᠲᠦᠮᠡᠨ ᠲᠥᠭᠦᠷᠢᠭ᠂ 50 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ︵ᠥᠪᠥᠷ ᠵᠠᠰᠠᠭ ᠲᠠᠷᠬᠠᠭᠠᠭᠰᠠᠨ ﹇2024﹈ 6 ᠳ᠋ᠤᠭᠠᠷ ᠲᠣᠭᠠᠲᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | 16. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠣᠶᠢᠵᠢᠭᠤᠯᠬᠤ ᠲᠣᠭᠲᠠᠴᠠ ᠪᠠᠨ ᠪᠦᠷᠢᠨᠰᠢᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 15 | ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠨ ᠨᠥᠬᠦᠪᠦᠷᠢᠯᠡᠬᠦ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ | ᠣᠨᠴᠠ ᠲᠣᠮᠢᠯᠠᠭᠳᠠᠭᠰᠠᠳ ᠢ ᠱᠠᠩᠨᠠᠨ ᠬᠥᠬᠢᠭᠦᠯᠦᠨ᠎ᠡ᠃ ︵ᠥᠪᠥᠷ ᠰᠢᠨᠵᠢᠯᠡᠬᠦ ᠲᠠᠷᠬᠠᠭᠠᠭᠰᠠᠨ ﹇2024﹈ 80 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ᠲᠠᠪᠤ᠂ ᠠᠵᠤ ᠠᠬᠤᠶᠢᠯᠠᠯ ᠢ ᠳᠡᠮᠵᠢᠬᠦ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ | 17. ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠰᠢᠭ ᠣᠷᠤᠯᠭ᠎ᠠ ᠶᠢᠨ ᠭᠠᠶᠢᠯᠢ ᠶᠢᠨ | ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠬᠦ ᠶᠢ ᠳᠡᠮᠵᠢᠨ᠎ᠡ᠃ 2025 ᠣᠨ ᠤ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠂ ᠣᠨ ᠤ ᠭᠠᠶᠢᠯᠢ ᠲᠤᠰᠢᠶᠠᠬᠤ ᠶᠣᠰᠣᠲᠠᠢ ᠠᠰᠢᠭ ᠣᠷᠤᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠣᠷ᠎ᠠ ︵100 ᠲᠦᠮᠡᠨ | ᠲᠥᠭᠦᠷᠢᠭ ᠢ ᠪᠠᠭᠲᠠᠭᠠᠨ᠎ᠠ︶ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠤᠯᠭ᠎ᠠ ᠶᠢᠨ | ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠦᠨ᠎ᠡ᠃ ︵ᠥᠪᠥᠷ ᠨᠠᠮ ᠲᠠᠷᠬᠠᠭᠠᠭᠰᠠᠨ ﹇2022﹈ 24 ᠳ᠋ᠦ᠋ᠭᠡᠷ | ᠲᠣᠭᠠᠲᠤ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | 18. ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠬᠤ ᠶᠢ ᠳᠡᠮᠵᠢᠨ᠎ᠡ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ᠪᠣᠳᠠᠲᠠᠢ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠢ ᠪᠣᠯ ᠪᠣᠳᠠᠰᠯᠢᠭ ᠪᠤᠰᠤ | ᠬᠥᠷᠥᠩᠭᠡ ᠪᠣᠯᠵᠤ ᠪᠦᠷᠢᠯᠳᠦᠭᠰᠡᠨ ᠦᠭᠡᠢ ᠪᠠᠷ ᠲᠣᠰ ᠬᠤᠭᠤᠴᠠᠭᠠᠨ ᠤ ᠬᠤᠷᠣᠭᠳᠠᠯ ᠪᠠ ᠣᠯᠵᠠᠪᠤᠷᠢ ᠳᠤ ᠪᠤᠳᠤᠵᠤ ᠣᠷᠣᠭᠤᠯᠤᠭᠰᠠᠨ ᠪᠠᠶᠢᠪᠠᠯ᠂ ᠲᠣᠭᠲᠠᠭᠠᠯ | ᠶᠣᠰᠣᠭᠠᠷ ᠦᠨᠡᠨ ᠢᠶᠠᠷ ᠨᠢ ᠰᠠᠭᠤᠯᠭᠠᠨ ᠠᠪᠤᠭᠰᠠᠨ ᠰᠠᠭᠤᠷᠢᠨ ᠳᠡᠭᠡᠷ᠎ᠡ᠂ 2023 ᠣᠨ ᠤ 1 ᠳ᠋ᠦ᠋ᠭᠡᠷ ᠰᠠᠷ᠎ᠠ ᠶᠢᠨ1 ᠤ ᠡᠳᠦᠷ ᠠᠴᠠ ᠡᠬᠢᠯᠡᠨ᠂ ᠳᠠᠬᠢᠵᠦ ᠪᠣᠳᠠᠲᠠᠢ | ᠡᠭᠦᠰᠦᠭᠰᠡᠨ ᠲᠣᠭᠠᠨ ᠤ 100% ᠪᠠᠷ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠤᠨ᠎ᠠ︔ ᠪᠣᠳᠠᠰᠯᠢᠭ ᠪᠤᠰᠤ ᠬᠥᠷᠥᠩᠭᠡ ᠪᠣᠯᠵᠤ | ᠪᠦᠷᠢᠯᠳᠦᠭᠰᠡᠨ ᠪᠠᠶᠢᠪᠠᠯ᠂ 2023 ᠣᠨ ᠤ 1 ᠳ᠋ᠦ᠋ᠭᠡᠷ ᠰᠠᠷ᠎ᠠ ᠶᠢᠨ1 ᠤ ᠡᠳᠦᠷ ᠠᠴᠠ ᠡᠬᠢᠯᠡᠨ᠂ ᠪᠣᠳᠠᠰᠯᠢᠭ ᠪᠤᠰᠤ ᠬᠥᠷᠥᠩᠭᠡ ᠶᠢᠨ ᠥᠪᠡᠷ ᠤᠨ ᠥᠷᠲᠡᠭ ᠤᠨ | 200% ᠪᠠᠷ ᠭᠠᠶᠢᠯᠢ ᠲᠤᠰᠢᠶᠠᠬᠤ ᠠᠴᠠ ᠡᠮᠦᠨ᠎ᠡ ᠲᠡᠰᠬᠡᠨ ᠪᠣᠷᠣᠯᠠᠭᠤᠯᠤᠨ᠎ᠠ᠃ ﹇︽ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ | ᠪᠣᠳᠣᠯᠲᠠ ᠶᠢ ᠰᠠᠭᠤᠯᠭᠠᠨ ᠠᠪᠬᠤ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ | 2023 ᠣᠨ ᠤ 7 ᠳ᠋ᠤᠭᠠᠷ ᠲᠣᠭᠠᠲᠤ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ﹈ | 19. ᠤᠯᠤᠰ ᠠᠴᠠ ᠭᠤᠣᠯᠳᠠᠯᠭ᠎ᠠ ᠲᠠᠢ ᠲᠡᠳᠬᠦᠬᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠠᠴᠠ 15% ᠶᠢᠨ ᠭᠠᠶᠢᠯᠢ ᠶᠢᠨ ᠨᠣᠷᠮ᠎ᠠ ᠪᠠᠷ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠨ᠎ᠠ᠃ ︵︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ | ᠠᠬᠤᠶᠢᠯᠠᠯ ᠤᠨ ᠠᠰᠢᠭ ᠣᠷᠤᠯᠭ᠎ᠠ ᠶᠢᠨ ᠭᠠᠶᠢᠯᠢ ᠶᠢᠨ ᠬᠠᠤᠯᠢ︾ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | 20. ᠡᠯ᠎ᠡ ᠭᠠᠵᠠᠷ ᠤᠨ ᠬᠢᠨ ᠬᠠᠤᠯᠢ ᠶᠣᠰᠣᠭᠠᠷ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠠᠴᠠ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ᠃ ᠬᠤᠲᠠ ᠪᠠᠯᠭᠠᠰᠤᠨ ᠤ | ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠬᠦ ᠪᠠᠷ ᠭᠤᠶᠤᠴᠢᠯᠠᠬᠤ ᠳᠤ᠂ ᠡᠷᠬᠡᠪᠰᠢ ᠳᠣᠣᠷᠠᠬᠢ ᠪᠠᠶᠢᠳᠠᠯ ᠤᠨ ᠨᠢᠭᠡ ᠳᠤ ᠨᠢ ᠨᠡᠶᠢᠴᠡᠬᠦ ᠬᠡᠷᠡᠭᠲᠡᠢ᠄ | ᠪᠠᠶᠢᠭᠠᠯᠢ ᠶᠢᠨ ᠭᠠᠮᠰᠢᠭ ᠪᠤᠶᠤ ᠰᠠᠨᠠᠭᠠᠨ ᠳᠤ ᠦᠭᠡᠢ ᠭᠡᠨᠡᠳᠡᠯ ᠵᠡᠷᠭᠡ ᠰᠢᠯᠲᠠᠭᠠᠨ ᠠᠴᠠ ᠪᠣᠯᠵᠤ ᠬᠦᠨᠳᠦ ᠶᠡᠭᠡ ᠠᠵᠤ ᠠᠬᠤᠢ ᠶᠢᠨ ᠬᠤᠬᠢᠷᠠᠯ ᠳᠤ ᠤᠴᠠᠷᠠᠵᠤ᠂ | ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠲᠤᠰᠢᠶᠠᠬᠤ ᠳᠤ ᠦᠨᠡᠨ ᠬᠦ ᠬᠦᠴᠢᠷᠳᠡᠯᠲᠡᠢ ᠲᠠᠢ ᠪᠠᠶᠢᠬᠤ︔ ᠭᠤᠣᠯ ᠡᠵᠡᠩᠨᠡᠯᠲᠡ ᠶᠢᠨ ᠲᠥᠷᠥᠯ ᠵᠦᠢᠯ | ᠨᠢ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠤᠭᠤᠳᠬᠤ ᠭᠠᠷᠴᠠᠭ︾ ᠲᠤ ᠵᠢᠭᠰᠠᠭᠠᠵᠤ ᠲᠣᠳᠣᠷᠬᠠᠶᠢᠯᠠᠭᠰᠠᠨ ᠵᠣᠷᠢᠭᠵᠢᠭᠤᠯᠬᠤ | ᠲᠥᠷᠥᠯ ᠤᠨ ᠠᠵᠢᠯ ᠲᠥᠷᠥᠯ ᠳᠤ ᠬᠠᠷᠢᠶᠠᠯᠠᠭᠳᠠᠵᠤ᠂ ᠲᠡᠷᠡ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ ︶ ᠠᠴᠠ ᠳᠡᠭᠡᠭᠰᠢ | ᠠᠯᠳᠠᠭᠳᠠᠯ ᠲᠠᠢ ᠪᠠᠶᠢᠬᠤ︔ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠡᠷᠭᠢᠯᠡᠬᠦ ᠪᠤᠶᠤ ᠵᠠᠰᠠᠭ ᠤᠨ ᠣᠷᠳᠣᠨ ᠤ ᠡᠭᠦᠷᠭᠡ ᠶᠢ ᠳᠠᠭᠠᠭᠠᠨ | ᠡᠭᠦᠷᠭᠡᠯᠡᠭᠰᠡᠨ ᠠᠴᠠ ᠪᠣᠯᠵᠤ᠂ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ︶ ᠠᠴᠠ ᠳᠡᠭᠡᠭᠰᠢ ᠠᠯᠳᠠᠭᠳᠠᠯ ᠲᠠᠢ ᠪᠠᠶᠢᠬᠤ︔ ᠵᠠᠰᠠᠭ ᠤᠨ | ᠣᠷᠳᠣᠨ ᠤ ᠡᠭᠦᠷᠭᠡ ᠶᠢ ᠳᠠᠭᠠᠭᠠᠨ ᠡᠭᠦᠬᠡᠯᠡᠬᠦ ᠭᠡᠳᠡᠭ ᠨᠢ ᠭᠠᠶᠢᠯᠢ ᠲᠤᠰᠢᠶᠠᠭᠴᠢ ᠵᠠᠰᠠᠭ ᠤᠨ ᠣᠷᠳᠣᠨ ᠤ ᠵᠢᠭᠠᠪᠤᠷᠢ ᠶᠢᠨ ᠴᠢᠨᠠᠷᠲᠠᠢ ᠱᠠᠭᠠᠷᠳᠠᠯᠭ᠎ᠠ ᠶᠢ ᠦᠨᠳᠦᠰᠦᠯᠡᠨ | ᠂ ᠵᠠᠰᠠᠭ ᠤᠨ ᠣᠷᠳᠣᠨ ᠪᠤᠶᠤ ᠨᠡᠶᠢᠭᠡᠮ ᠨᠡᠶᠢᠲᠡ ᠳᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠢ᠂ ᠭᠡᠪᠡᠴᠦ ᠣᠯᠣᠭᠰᠠᠨ ᠡᠳ᠋ ᠤᠨ ᠵᠠᠰᠠᠭ ᠤᠨ ᠰᠠᠯᠭᠠᠵᠤ ᠥᠭᠭᠦᠭᠰᠡᠨ | ᠵᠣᠭᠤᠰ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠡᠯ᠎ᠡ ᠵᠦᠢᠯ ᠤᠨ ᠣᠷᠣᠯᠭ᠎ᠠ ᠨᠢ ᠲᠡᠭᠦᠨ ᠤ ᠭᠠᠷᠭᠠᠭᠰᠠᠨ ᠥᠪᠡᠷ ᠤᠨ ᠥᠷᠲᠡᠭ ᠠᠴᠠ ᠨᠢ ᠳᠣᠣᠷ᠎ᠠ ᠪᠠᠶᠢᠬᠤ︔ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠳᠣᠷᠬᠠᠢ ᠲᠣᠭᠲᠠᠭᠠᠭᠠᠳ ᠲᠡᠳᠬᠦᠵᠦ ᠪᠠᠶᠢᠭ᠎ᠠ ᠬᠦᠴᠢᠷᠳᠡᠯᠲᠡᠢ ᠠᠵᠢᠯ ᠲᠥᠷᠥᠯ ᠳᠤ | ᠬᠠᠷᠢᠶᠠᠯᠠᠭᠳᠠᠬᠤ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ ︶ ᠠᠴᠠ ᠳᠡᠭᠡᠭᠰᠢᠬᠢ ᠠᠯᠳᠠᠭᠳᠠᠯ ᠲᠠᠢ ᠠᠵᠤ ᠠᠬᠤᠶᠢᠯᠠᠯ᠃ ﹇︽ | 2021 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ | ᠲᠤᠰᠢᠶᠠᠬᠤ ᠵᠦᠢᠯᠡᠰ ᠢ ᠭᠦᠢᠴᠡᠳᠬᠡᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ︾ ︵ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ 2022 ᠣᠨ ᠤ 1 ᠳ᠋ᠦ᠋ᠭᠡᠷ ᠲᠣᠭᠠᠲᠤ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠬᠠᠷᠢᠭᠤᠴᠠᠨ᠎ᠠ﹈ | ᠳᠡᠭᠡᠷᠡᠬᠢ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠴᠥᠮ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠳᠡᠮᠵᠢᠨ ᠲᠣᠳᠣᠷᠬᠠᠢ ᠲᠣᠭᠲᠠᠭᠠᠵᠤ᠂ | ᠬᠡᠷᠪᠡ ᠬᠠᠷᠠᠭᠠᠯᠵᠠᠭᠰᠠᠨ ᠪᠢᠴᠢᠭ ᠮᠠᠲ᠋ᠧᠷᠢᠶᠠᠯ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠬᠠᠮᠤᠭ ᠤᠨ ᠰᠢᠨ᠎ᠡ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠷ ᠪᠠᠷᠢᠮᠵᠢᠶ᠎ᠠ | ᠪᠣᠯᠭᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ | |