ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ 2025 ᠣᠨ ᠤ 4 ᠰᠠᠷ᠎ᠠ ᠶᠢᠨ 16 ᠤ ᠡᠳᠦᠷ ᠤᠨ 17 ᠴᠠᠭ 01 ᠮᠢᠨᠦ᠋ᠲ ᠲᠤ | ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄ | ᠵᠢᠱᠢᠯᠲᠡ ᠪᠠᠷ᠂ 2025 ᠣᠨ ᠤ 4 ᠰᠠᠷ᠎ᠠ ᠶᠢᠨ 16 ᠤ ᠡᠳᠦᠷ ᠤᠨ 20 ᠴᠠᠭ ᠠᠴᠠ 4 ᠰᠠᠷ᠎ᠠ ᠶᠢᠨ 17 ᠤ ᠡᠳᠦᠷ ᠤᠨ 20 ᠴᠠᠭ ᠪᠣᠯᠲᠠᠯ᠎ᠠ᠂ | ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠦᠯᠦᠨ ᠪᠠᠯᠭᠠᠰᠤ᠂ ᠪᠣᠶᠢᠷ ᠰᠤᠮᠤ᠂ ᠬᠡᠷᠦᠯᠦᠨ ᠰᠣᠮᠣ᠂ ᠳᠠᠯᠠᠢ ᠰᠣᠮᠣ᠂ ᠪᠣᠭᠳᠠᠠᠭᠤᠯᠠ ᠰᠣᠮᠣᠨ ᠳᠤ 7 | ᠳᠡᠰ ᠠᠴᠠ ᠳᠡᠭᠡᠭᠰᠢᠬᠢ ᠶᠡᠭᠡ ᠰᠠᠯᠬᠢ ᠰᠠᠯᠬᠢᠯᠠᠨ᠎ᠠ᠃ ᠬᠤᠯᠪᠣᠭᠳᠠᠯ ᠪᠦᠬᠦᠢ ᠨᠢᠭᠡᠴᠡ ᠪᠠ ᠬᠥᠮᠥᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ ᠰᠠᠶᠢᠲᠤᠷ ᠬᠢᠭᠡᠷᠡᠢ | ᠃ | ᠰᠡᠷᠭᠡᠶᠢᠯᠡᠯᠲᠡ ᠬᠢᠬᠦ ᠵᠢᠯᠣᠭᠤᠳᠣᠮᠵᠢ᠄ | 1. ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢᠨ ᠠᠴᠠ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠬᠡᠷᠡᠭᠲᠡᠢ︔ | 2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠫᠧᠩ ᠰᠠᠷᠠᠪᠴᠢ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠦᠯᠢᠶᠡᠭᠳᠡᠬᠦ | ᠡᠳ᠋ ᠪᠣᠳᠠᠰ ᠢ ᠰᠠᠶᠢᠲᠤᠷ ᠪᠠᠬᠢᠯᠡᠨ᠂ ᠶᠡᠭᠡ ᠰᠠᠯᠬᠢᠨ ᠤ ᠨᠦᠯᠦᠭᠡ ᠶᠢ ᠠᠮᠠᠷᠬᠠᠨ ᠬᠦᠷᠲᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠦᠪᠬᠢᠨᠡᠭᠦᠯᠵᠦ᠂ | ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠳᠠᠷᠤᠵᠤ ᠪᠦᠲᠡᠭᠡᠬᠦ ᠬᠡᠷᠡᠭᠲᠡᠢ︔ | 3. ᠶᠠᠪᠠᠭᠠᠨ ᠬᠦᠮᠦᠨ ᠠᠯᠢ ᠴᠢᠳᠠᠬᠤ ᠪᠠᠷ ᠳᠤᠭᠤᠢ ᠲᠡᠷᠭᠡ ᠤᠨᠤᠬᠤ ᠦᠭᠡᠢ ᠪᠠᠶᠢᠵᠤ᠂ ᠰᠠᠯᠬᠢᠯᠠᠵᠤ ᠪᠠᠶᠢᠭ᠎ᠠ ᠦᠶ᠎ᠡ ᠳᠤ ᠵᠠᠷ ᠤᠨ ᠫᠠᠶᠢᠰᠠ ᠪᠠ ᠲᠦᠷ | ᠴᠠᠭ ᠤᠨ ᠪᠠᠷᠢᠯᠭ᠎ᠠ ᠵᠡᠷᠭᠡ ᠶᠢᠨ ᠳᠣᠣᠷ᠎ᠠ ᠵᠣᠭᠰᠣᠵᠤ ᠪᠣᠯᠬᠤ ᠦᠭᠡᠢ︔ | 4. ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ | 2025 ᠣᠨ ᠤ 4 ᠰᠠᠷ᠎ᠠ ᠶᠢᠨ 16 ᠤ ᠡᠳᠦᠷ |