— ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠶᠢᠨ ᠲᠥᠯᠥᠭᠡᠯᠡᠭᠴᠢᠳ ᠲᠠᠢ ᠠᠭᠤᠯᠵᠠᠬᠤ | ᠦᠶ᠎ᠡ ᠶᠢᠨ ᠪᠠᠶᠠᠷ ᠤᠨ ᠦᠭᠡ | ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 15 ᠤ ᠴᠠᠭᠢᠯᠭᠠᠨ ᠮᠡᠳᠡᠭᠡ | ︵2025 ᠣᠨ ᠤ 4 ᠰᠠᠷ᠎ᠠ ᠶᠢᠨ 15 ᠤ ᠡᠳᠦᠷ ᠬᠠᠨᠤᠢ ᠳᠤ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠬᠦᠨᠳᠦᠲᠦ ᠶᠡᠷᠦᠩᠬᠡᠢ ᠱᠦᠵᠢ ᠰᠦ᠋ ᠯᠢᠨ | ᠳᠤᠮᠳᠠᠳᠤ ᠸᠢᠶᠧᠲᠨᠠᠮ ᠬᠤᠶᠠᠷ ᠤᠯᠤᠰ ᠤᠨ ᠨᠥᠬᠦᠳ᠂ ᠨᠠᠶᠢᠵᠠ ᠨᠠᠷ ᠠ᠋᠄ | ᠰᠠᠶᠢᠨ ᠪᠠᠶᠢᠵᠠᠭᠠᠨ᠎ᠠ ᠦᠦ︕ | ᠬᠠᠨᠤᠢ ᠳᠤ ᠳᠤᠮᠳᠠᠳᠤ ᠸᠢᠶᠧᠲᠨᠠᠮ ᠤᠨ ᠠᠷᠠᠳ ᠲᠦᠮᠡᠨ ᠤ ᠬᠠᠮᠲᠤᠷᠠᠭᠰᠠᠨ ᠦᠪᠡᠳᠡᠭᠰᠢ ᠨᠠᠶᠢᠷ ᠤᠨ ᠠᠵᠢᠯᠯᠠᠭ᠎ᠠ ᠳᠤ ᠣᠷᠣᠯᠴᠠᠬᠰᠠᠨ ᠬᠤᠶᠠᠷ ᠤᠯᠤᠰ ᠤᠨ | ᠲᠥᠯᠥᠭᠡᠯᠡᠭᠴᠢᠳ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠪᠢ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ | ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 10 ᠵᠢᠯ ᠤᠨ ᠳᠣᠲᠣᠷ᠎ᠠ ᠸᠢᠶᠧᠲᠨᠠᠮ ᠳᠤ ᠳᠥᠷᠪᠡᠳᠡᠬᠢ ᠤᠳᠠᠭ᠎ᠠ | ᠠᠶᠢᠯᠴᠢᠯᠠᠵᠤ ᠪᠠᠶᠢᠭ᠎ᠠ ᠶᠠᠪᠤᠳᠠᠯ ᠪᠤᠯᠬᠤ ᠪᠥᠭᠡᠳ ᠪᠠᠰᠠ ᠴᠤ ᠮᠢᠨᠤ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠶᠢᠨ ᠠᠩᠬᠠᠨ ᠤ ᠥᠷᠲᠡᠭᠡ ᠪᠣᠯᠣᠨ᠎ᠠ᠃ | ᠥᠴᠥᠭᠡᠳᠦᠷ ᠦᠳᠡ ᠶᠢᠨ ᠬᠤᠶᠢᠨ᠎ᠠ᠂ ᠪᠢ ᠶᠡᠷᠦᠩᠬᠡᠢ ᠱᠦᠵᠢ ᠰᠦ᠋ ᠯᠢᠨ ᠲᠠᠢ ᠪᠠᠶᠠᠯᠢᠭ ᠦᠷ᠎ᠡ ᠪᠦᠲᠦᠭᠡᠯ ᠣᠯᠣᠭᠰᠠᠨ ᠬᠡᠯᠡᠯᠴᠡᠭᠡ ᠬᠢᠵᠦ᠂ ᠰᠢᠨ᠎ᠡ ᠴᠠᠭ ᠦᠶ᠎ᠡ ᠶᠢᠨ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ | ᠰᠠᠶ᠋ᠢᠬᠠᠨ᠂ ᠶᠡᠷᠦᠩᠬᠡᠢ ᠱᠦᠵᠢ ᠰᠦ᠋ ᠯᠢᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠶᠠᠷᠢᠶ᠎ᠠ ᠲᠠᠯᠪᠢᠪᠠ᠂ ᠪᠢ ᠲᠡᠭᠦᠨ ᠤ ᠬᠤᠶᠠᠷ ᠨᠠᠮ ᠬᠤᠶᠠᠷ ᠤᠯᠤᠰ ᠤᠨ | ᠬᠠᠷᠢᠯᠴᠠᠭ᠎ᠠ ᠶᠢᠨ ᠲᠤᠬᠠᠢ ᠢᠳᠡᠪᠬᠢᠲᠡᠢ ᠦᠨᠡᠯᠡᠯᠲᠡ ᠶᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ | ︽ᠤᠷᠭᠤᠭ᠎ᠠ ᠮᠣᠳᠣ ᠦᠨᠳᠦᠰᠦ ᠲᠠᠢ᠂ ᠠᠭᠤᠯᠠ ᠤᠰᠤ ᠡᠬᠢ ᠲᠠᠢ︾᠃ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠰᠠᠭᠤᠷᠢ ᠨᠢ ᠠᠷᠠᠳ ᠲᠦᠮᠡᠨ ᠳᠤ | ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠂ ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠨ᠎ᠠ᠃ ᠤᠷᠳᠤ ᠬᠤᠭᠤᠴᠠᠭᠠᠨ ᠤ ᠲᠤᠷᠰᠢ᠂ ᠭᠠᠷ | ᠬᠤᠯᠪᠣᠨ ᠮᠥᠬᠦᠯ ᠠᠴᠠ ᠠᠪᠤᠷᠠᠵᠤ ᠣᠷᠣᠰᠢᠨ ᠲᠣᠭᠲᠠᠨᠢᠬᠤ ᠪᠠᠷ ᠲᠡᠮᠡᠴᠡᠵᠦ ᠬᠤᠪᠢᠰᠬᠠᠯ ᠤᠨ ᠦᠷ᠎ᠡ ᠶᠢ ᠰᠠᠴᠤᠭᠰᠠᠨ ᠠᠴᠠ᠂ ᠮᠥᠷᠥ ᠵᠡᠷᠭᠡᠴᠡᠨ ᠪᠠᠶᠢᠯᠳᠤᠵᠤ | ᠤᠯᠤᠰ ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠪᠠᠨ ᠪᠡᠶᠡᠯᠡᠭᠦᠯᠦᠭᠰᠡᠨ ᠭᠦᠷᠲᠡᠯ᠎ᠡ᠂ ᠲᠠᠭᠢᠭᠠᠳ ᠣᠳᠣᠬᠢᠴᠢᠯᠠᠯᠲᠠ ᠶᠢᠨ ᠠᠶᠠᠨ ᠳᠤ | ᠬᠠᠮᠲᠤ ᠪᠠᠷ ᠤᠷᠤᠭᠰᠢᠯᠠᠭᠰᠠᠨ ᠭᠦᠷᠲᠡᠯ᠎ᠡ᠂ ᠳᠤᠮᠳᠠᠳᠤ ᠸᠢᠶᠧᠲᠨᠠᠮ ᠬᠤᠶᠠᠷ ᠤᠯᠤᠰ ᠤᠨ ᠠᠷᠠᠳ ᠲᠦᠮᠡᠨ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠭᠰᠡᠭᠡᠷ ᠢᠷᠡᠪᠡ᠃ | | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠯᠡᠨ | ᠰᠣᠶᠣᠭᠠᠯᠠᠪᠠ᠃ ᠳᠤᠮᠳᠠᠳᠤ ᠤᠯᠤᠰ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ᠂ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ | ᠲᠡᠮᠡᠴᠡᠯ ᠢ ᠪᠦᠭᠦ ᠬᠦᠴᠦ ᠪᠠᠷ ᠢᠶᠠᠨ ᠲᠡᠮᠵᠢᠪᠠ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠸᠢᠶᠧᠲᠨᠠᠮ ᠤᠨ ᠰᠤᠷᠤᠬᠴᠢ᠂ ᠸᠢᠶᠧᠲᠨᠠᠮ ᠤᠨ ᠡᠪ ᠬᠠᠮᠲᠤ ᠨᠠᠮ ᠤᠨ | ᠡᠷᠲᠡ ᠦᠶ᠎ᠡ ᠶᠢᠨ ᠤᠳᠤᠷᠢᠳᠤᠭᠴᠢ ᠯᠢ ᠬᠤᠩ ᠹᠧᠩ ᠭᠤᠸᠠᠩᠵᠧᠦ ᠶᠢᠨ ᠪᠣᠰᠣᠯᠭ᠎ᠠ ᠳᠤ ᠣᠷᠣᠯᠴᠠᠵᠤ᠂ ︽ᠬᠤᠶᠠᠷ ᠤᠯᠤᠰ ᠤᠨ ᠵᠠᠩᠵᠤᠨ︾ ᠬᠤᠩ ᠱᠦᠢ | ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠳᠤ ᠣᠷᠣᠯᠴᠠᠪᠠ᠃ ᠤᠯᠤᠰ ᠤᠨ ᠲᠤᠰᠠᠭᠠᠷ ᠲᠣᠭᠲᠠᠨᠢᠯ | ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠰᠢᠳᠤᠷᠭᠤ ᠶᠣᠰᠣᠨ ᠤ ᠦᠢᠯᠡᠰ ᠤᠨ ᠳᠤᠮᠳᠠ᠂ ᠳᠤᠮᠳᠠᠳᠤ ᠸᠢᠶᠧᠲᠨᠠᠮ ᠬᠤᠶᠠᠷ ᠤᠯᠤᠰ ᠤᠨ ᠠᠷᠠᠳ | ᠲᠦᠮᠡᠨ ᠮᠥᠷᠥ ᠵᠡᠷᠭᠡᠴᠡᠨ ᠪᠠᠶᠢᠯᠳᠤᠵᠤ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠢ ᠭᠠᠯ ᠤᠯᠠᠭᠠᠨ ᠳᠡᠪᠢᠰᠬᠡᠷ ᠥᠩᠭᠡ ᠪᠠᠷ | ᠪᠤᠳᠤᠭᠯᠠᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠪᠦᠯᠬᠦᠮᠳᠡᠯ ᠬᠠᠮᠵᠢᠯᠴᠠᠭ᠎ᠠ ᠳᠤᠮᠳᠠ ᠴᠡᠴᠡᠭᠯᠡᠨ ᠵᠢᠮᠢᠰᠯᠡᠪᠡ᠃ ᠣᠶᠢᠷ᠎ᠠ ᠶᠢᠨ | ᠵᠢᠯ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭ᠎ᠠ ᠶᠢᠨ ᠰᠠᠭᠤᠷᠢ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ | ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠳᠤ ᠠᠩᠬᠠᠷᠤᠯ | ᠲᠥᠪᠯᠡᠷᠡᠭᠦᠯᠵᠦ᠂ ᠤᠯᠤᠰ ᠲᠦᠷᠦ᠂ ᠠᠮᠤᠷ ᠲᠦᠪᠰᠢᠨ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ 30 ᠭᠠᠷᠤᠢ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠴᠦ᠂ ᠳᠤᠮᠳᠠᠳᠤ | ᠤᠯᠤᠰ ᠨᠢ ᠸᠢᠶᠧᠲᠨᠠᠮ ᠤᠨ ᠭᠠᠳᠠᠭᠠᠳᠤ ᠪᠡᠯᠡ ᠶᠢᠨ ᠢᠷᠡᠯᠲᠡ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠤᠶᠠᠷ ᠤᠯᠤᠰ ᠤᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ | ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ᠂ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠢᠳᠡ ᠭᠦᠭ ᠲᠠᠢ ᠶᠠᠪᠤᠭᠳᠠᠵᠤ | ᠪᠠᠶᠢᠨ᠎ᠠ᠃ ᠬᠤᠶᠠᠷ ᠤᠯᠤᠰ ᠢᠶᠠᠷ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ | ᠵᠢᠷᠤᠮ ᠤᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠲᠠᠰᠤᠷᠠᠯᠲᠠ ᠦᠭᠡᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠰᠢᠨ᠎ᠡ | ᠠᠮᠵᠢᠯᠲᠠ ᠪᠦᠲᠦᠮᠵᠢ ᠶᠢ ᠣᠯᠪᠠ᠃ | ᠳᠤᠮᠳᠠᠳᠤ ᠸᠢᠶᠧᠲᠨᠠᠮ ᠤᠨ ᠨᠥᠬᠦᠷᠯᠡᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠳᠤᠮᠳᠠ ᠤᠯᠠᠮᠵᠢᠯᠠᠭᠳᠠᠨ ᠭᠦᠨᠵᠡᠭᠡᠶᠢᠷᠡᠪᠡ᠃ | ᠳᠡᠯᠡᠬᠡᠢ ᠶᠢᠨ ᠡᠩᠬᠡ ᠲᠠᠶᠢᠪᠤᠩ ᠪᠠ ᠬᠥᠮᠥᠨ ᠲᠥᠷᠥᠯᠬᠢᠲᠡᠨ ᠤ ᠲᠠᠪᠰᠢᠯᠳᠠ ᠪᠣᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠪᠠᠷ ᠬᠥᠭᠡᠭᠡᠴᠡᠯᠳᠦᠬᠦ ᠡᠷᠬᠢᠮ | ᠳᠡᠭᠡᠳᠦ ᠦᠢᠯᠡᠰ ᠮᠥᠨ᠃ ᠤᠷᠪᠠᠭᠠᠨ ᠬᠥᠷᠪᠡᠭᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠢᠮᠠᠭᠲᠠ ᠲᠡᠦᠬᠡ ᠶᠢᠨ ᠵᠥᠪ ᠲᠠᠯ᠎ᠠ᠂ ᠴᠠᠭ | ᠦᠶ᠎ᠡ ᠶᠢᠨ ᠲᠠᠪᠰᠢᠯᠳᠠ ᠶᠢᠨ ᠲᠠᠯ᠎ᠠ ᠳᠤ ᠪᠠᠲᠤ ᠵᠣᠭᠰᠣᠵᠤ᠂ ᠠᠽᠢᠶ᠎ᠠ ᠲᠢᠪ ᠪᠣᠯᠣᠨ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ | ᠬᠦᠴᠦᠨ ᠢ ᠬᠠᠩᠭᠠᠶ᠎ᠠ᠃ | ᠨᠥᠬᠦᠳ ᠠ᠋᠂ ᠨᠠᠶᠢᠵᠠ ᠨᠠᠷ ᠠ᠋︕ | ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠬᠤᠶᠠᠷ ᠤᠯᠤᠰ ᠤᠨ ᠠᠷᠠᠳ ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠪᠠᠲᠤ ᠪᠠᠬᠢ ᠰᠠᠭᠤᠷᠢ ᠮᠥᠨ᠃ ᠡᠨᠡ ᠵᠢᠯ ᠪᠣᠯ ᠳᠤᠮᠳᠠᠳᠤ ᠸᠢᠶᠧᠲᠨᠠᠮ ᠤᠨ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠂ ᠪᠢᠳᠡ | ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠨᠠᠷᠢᠨ ᠭᠤᠷᠤᠬ᠎ᠠ ᠶᠢ ᠳᠤᠮᠳᠠᠳᠤ ᠸᠢᠶᠧᠲᠨᠠᠮ ᠤᠨ | ᠨᠥᠬᠦᠷᠯᠡᠯ ᠤᠨ ᠳᠣᠯᠭᠢᠶᠠᠯᠠᠨ ᠤᠷᠤᠰᠬᠤ ᠶᠡᠭᠡ ᠭᠤᠣᠯ ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ᠂ ᠨᠡᠩ | ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ᠃ | ᠠᠳᠡ ᠰᠠᠭᠤᠯᠴᠠᠬᠰᠠᠳ ᠤᠨ ᠳᠣᠲᠣᠷ᠎ᠠ ᠴᠥᠭᠡᠨ ᠪᠤᠰᠤ ᠵᠠᠯᠠᠭᠤ ᠨᠠᠶᠢᠵᠠ ᠪᠠᠶᠢᠨ᠎ᠠ᠃ ᠵᠠᠯᠠᠭᠤᠴᠤᠳ ᠪᠣᠯ ᠠᠵᠢᠯ ᠦᠢᠯᠡᠰ ᠤᠨ ᠢᠷᠡᠭᠡᠳᠦᠢ ᠪᠠ ᠬᠦᠰᠡᠯ | ᠡᠷᠡᠮᠡᠯᠵᠡᠯ ᠮᠥᠨ᠃ ᠳᠤᠮᠳᠠᠳᠤ ᠤᠯᠤᠰ ᠬᠤᠶᠢᠰᠢᠳᠠ ᠶᠢᠨ 3 ᠵᠢᠯ ᠳᠤ ᠸᠢᠶᠧᠲᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ︽ | ᠬᠤᠪᠢᠰᠬᠠᠯᠲᠤ ᠰᠤᠳᠤᠯᠤᠨ ᠰᠤᠷᠤᠯᠴᠠᠬᠤ ᠠᠶᠠᠯᠠᠯ︾ ᠢ ᠥᠷᠨᠢᠭᠦᠯᠵᠦ᠂ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠤᠨ | ᠬᠤᠪᠢᠰᠬᠠᠯ ᠤᠨ ᠤᠯᠠ ᠮᠥᠷ ᠢ ᠮᠥᠷᠳᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠬᠤᠪᠢᠰᠬᠠᠯᠲᠤ ᠤᠳᠤᠮᠰᠢᠯ ᠢ ᠡᠷᠢᠯᠬᠢᠯᠡᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠩᠭᠡ ᠢᠯᠭᠠᠷᠠᠭᠰᠠᠨ ᠳᠦᠷᠰᠦ ᠪᠠᠶᠢᠳᠠᠯ ᠢ ᠣᠶᠢᠯᠠᠭᠠᠭᠤᠯᠵᠤ᠂ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ | ᠠᠵᠢᠯ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢ ᠨᠢᠭᠲᠠᠷᠠᠭᠤᠯᠤᠶ᠎ᠠ᠃ | ᠣᠯᠠᠨ ᠳᠤ ᠪᠠᠶᠠᠷᠯᠠᠯ᠎ᠠ︕ | |