4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 4 ᠳ᠋ᠤᠭᠡᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠥᠭᠦᠯᠡᠯᠲᠡ ᠶᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠢ ᠡᠷᠭᠢᠯᠡᠪᠡ᠃ ᠬᠤᠰᠢᠭᠤᠨ ᠳᠠᠭᠠᠨ ᠪᠠᠶᠢᠭ᠎ᠠ ᠳᠥᠷᠪᠡᠨ | ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠳᠥᠷᠪᠡᠨ ᠶᠡᠭᠡ ᠪᠠᠭ ᠤᠨ ᠠᠯᠪᠠᠨ ᠬᠡᠷ ᠤᠨ ᠡᠷᠬᠢᠯᠡᠭᠴᠢ | ᠂ ᠨᠠᠷᠢᠨ ᠪᠢᠴᠢᠭ ᠤᠨ ᠳᠠᠷᠤᠭ᠎ᠠ ᠨᠠᠷ ᠬᠤᠷᠠᠯ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠣᠭᠤᠷᠢᠨ ᠳᠤ ᠲᠤᠰᠬᠠᠢ ᠰᠡᠳᠦᠪᠲᠦ ᠶᠠᠷᠢᠯᠴᠠᠭ᠎ᠠ ᠥᠷᠨᠢᠭᠦᠯᠪᠡ᠃ | ᠪᠦᠬᠡᠪᠠᠶᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ ᠠᠬᠢᠭᠤᠯᠵᠤ᠂ ᠺᠠᠳ᠋ᠷ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠦᠨᠡᠨᠬᠦ ᠰᠤᠷᠤᠯᠴᠠᠬᠤ᠂ ᠦᠨᠡᠨᠬᠦ ᠣᠶᠢᠯᠠᠭᠠᠬᠤ ᠪᠠ ᠦᠨᠡᠨᠬᠦ ᠬᠡᠷᠡᠭᠯᠡᠵᠦ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ | ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠶ ᠵᠥᠪ | ᠦᠵᠡᠯᠲᠡ ᠶᠢ ᠪᠣᠶ ᠪᠣᠯᠭᠠᠨ ᠦᠢᠯᠡᠳᠦᠯᠭᠡᠵᠢᠭᠦᠯᠵᠦ᠂ ᠤᠳᠤᠷᠢᠳᠬᠤ ᠪᠠᠭ ᠢ ᠰᠠᠶᠢᠲᠤᠷ ᠠᠳᠬᠤᠵᠤ᠂ ᠡᠩᠨᠡᠭᠡ ᠶᠢ ᠰᠠᠶᠢᠲᠤᠷ ᠳᠠᠭᠠᠭᠤᠯᠵᠤ᠂ ︽ᠵᠠᠩᠭᠢᠯᠠᠭ᠎ᠠ ᠶᠢᠨ | ᠴᠥᠭᠡᠨ ᠲᠤᠭ᠎ᠠ︾ ᠪᠠᠷ ︽ᠵᠣᠩᠬᠢᠯᠠᠬᠤ ᠣᠯᠠᠨ ᠲᠤᠭ᠎ᠠ︾ ᠶᠢ ᠲᠦᠷᠦᠭᠦᠯᠡᠨ ᠬᠡᠪ ᠳᠠᠭᠤᠷᠢᠶᠠᠯ ᠦᠵᠡᠭᠦᠯᠦᠨ ᠳᠠᠶᠢᠴᠢᠯᠠᠵᠤ᠂ ᠦᠨᠡᠨᠬᠦ ᠠᠳᠬᠤᠨ ᠪᠣᠳᠠᠲᠠᠶ | ᠠᠵᠢᠯᠯᠠᠵᠤ᠂ ᠰᠤᠷᠲᠠᠯ ᠪᠠ ᠢᠯᠵᠢᠷᠠᠯ ᠢ ᠪᠠᠶᠢᠴᠠᠭᠠᠵᠤ ᠵᠡᠷᠭᠡᠪᠡᠷ ᠵᠠᠰᠠᠬᠤ ᠪᠥᠬᠦ ᠶᠠᠪᠤᠴᠠ ᠶᠢᠨ ᠵᠢᠷᠤᠮᠵᠢᠯ᠂ ᠪᠥᠬᠦ ᠬᠡᠯᠬᠢᠶ᠎ᠡ ᠶᠢᠨ ᠵᠣᠯᠭᠠᠯᠴᠠᠭ᠎ᠠ ᠶᠢ ᠠᠬᠢᠭᠤᠯᠵᠤ᠂ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠬᠦ ᠳᠤᠮᠳᠠ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠪᠦᠬᠡᠪᠠᠶᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠵᠤ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠳᠤᠮᠳᠠ ᠲᠦᠷᠦ ᠪᠠᠷᠢᠬᠤ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠰᠢᠯᠢᠳᠡᠭ ᠰᠤᠷᠲᠠᠯ ᠢ ᠪᠠᠳᠠᠷᠠᠭᠤᠯᠤᠨ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠦᠨᠳᠦᠰᠦᠨ | ᠱᠠᠲᠤᠨ ᠤ ᠺᠠᠳ᠋ᠷ᠂ ᠡᠮᠦᠨ᠎ᠡ ᠹᠷᠣᠨᠲ ᠤᠨ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠠᠭᠠᠷᠠᠭᠰᠠᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ | ᠵᠥᠪ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠬᠤ ᠶᠢ ᠪᠠᠷᠢᠮᠲᠠᠯᠠᠨ᠂ ᠺᠠᠳ᠋ᠷ ᠤᠨ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ | ᠲᠤᠰᠬᠠᠶ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠰᠣᠩᠭᠤᠬᠤ ᠬᠥᠮᠦᠵᠢᠭᠦᠯᠬᠦ ᠬᠠᠮᠢᠶᠠᠷᠬᠤ ᠬᠡᠷᠡᠭᠯᠡᠬᠦ︾ ᠪᠦᠬᠦ ᠬᠡᠯᠬᠢᠶ᠎ᠡ ᠪᠠᠷ | ᠬᠥᠮᠦᠵᠢᠭᠦᠯᠬᠦ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ | ᠴᠤᠭ ᠰᠦᠯᠳᠡ ᠶᠢ ᠬᠥᠭᠵᠢᠭᠡᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ | | |