4 ᠰᠠᠷ᠎ᠠ ᠶᠢᠨ 15 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ 107 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 10 ᠳ᠋ᠤᠭᠠᠷ | ᠤᠳᠠᠭᠠᠨ ᠤ ᠬᠤᠷᠠᠯ᠂ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠵᠢᠭᠠᠪᠤᠷᠢ᠂ ᠵᠣᠬᠢᠶᠠᠯ ᠤᠨ ᠵᠣᠷᠢᠭ ᠰᠠᠨᠠᠭ᠎ᠠ ᠪᠠ | ᠳᠡᠭᠡᠳᠦ ᠱᠠᠲᠤᠨ ᠤ ᠬᠠᠮᠢᠶ᠎ᠠ ᠪᠥᠬᠦᠶ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠵᠠᠰᠠᠭ ᠤᠨ ᠣᠷᠳᠣᠨ ᠤ | ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ᠬᠤᠰᠢᠭᠤᠨ ᠤ ᠲᠣᠰ | ᠱᠠᠲᠤᠨ ᠤ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠵᠡᠷᠭᠡ ᠵᠦᠢᠯᠡᠰ ᠢ ᠬᠢᠨᠠᠨ ᠵᠥᠪᠯᠡᠪᠡ᠃ | ᠪᠦᠬᠡᠪᠠᠶᠠᠷ᠂ ᠲᠣᠰ ᠪᠡᠶ᠎ᠡ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠤᠨ᠂ ᠲᠦᠪᠯᠡᠷᠡᠩᠭᠦᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ | ᠰᠤᠮᠤ ᠪᠠᠯᠭᠠᠰᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ | ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠬᠠᠥᠯᠢ ᠪᠠᠷ ᠵᠠᠰᠠᠬᠤ ᠶᠢ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠶᠢ | ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ | ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠲᠠᠩᠰᠠ ᠶᠢᠨ ᠠᠭᠤᠯᠭ᠎ᠠ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠳᠠᠯᠠᠵᠤ᠂ ᠬᠦᠴᠦᠨ ᠪᠦᠬᠦᠢ ᠠᠷᠭ᠎ᠠ | ᠬᠡᠮᠵᠢᠶ᠎ᠡ ᠠᠪᠴᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠪᠦᠬᠡᠪᠠᠶᠠᠷ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠶᠡᠷᠦᠩᠬᠡᠶ ᠲᠣᠬᠢᠷᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ᠂ ᠠᠶᠤᠯᠭᠦᠶ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ ︽ᠮᠠᠩᠯᠠᠢ ᠶᠢᠨ ᠵᠠᠭᠪᠤᠷ 2.0︾᠂ ︽ᠲᠤᠯᠤᠭᠠᠨ ᠲᠣᠰᠬᠤᠨ ᠤ ᠵᠠᠭᠪᠤᠷ 2.0︾ ᠤᠨ ᠪᠦᠲᠦᠮᠵᠢᠲᠡᠶ | ᠲᠤᠷᠰᠢᠯᠭ᠎ᠠ ᠶᠢ ᠳ᠋ᠦᠩᠨᠡᠵᠦ᠂ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠨ᠂ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠬᠥᠯᠥᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢᠨ ᠬᠦᠷᠢᠶ᠎ᠡ ᠴᠠᠷᠠᠭᠠᠨ ᠳᠠᠬᠢ | ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠶᠢ ᠠᠬᠢᠭᠤᠯᠵᠤ᠂ ︽ᠪᠣᠷᠣ ᠵᠢᠷᠤᠭ︾ ︽ᠪᠦᠷᠬᠦᠭᠡ ᠰᠦᠯᠵᠢᠶ᠎ᠡ︾ ᠶᠢᠨ ᠬᠢᠨᠠᠯᠲᠠ ᠬᠠᠮᠢᠶᠠᠷᠤᠯᠲᠠ ᠪᠠ ᠬᠠᠤᠯᠢ | ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠤᠯᠳᠠᠯᠭ᠎ᠠ ᠲᠠᠢ ᠭᠠᠴᠠᠭ᠎ᠠ ᠶᠢ ᠲᠥᠷᠥᠯ ᠬᠤᠪᠢᠶᠠᠨ | ᠬᠠᠮᠢᠶᠠᠷᠬᠤ ᠶᠢ ᠠᠬᠢᠭᠤᠯᠵᠤ᠂ ᠪᠠᠶᠢᠳᠠᠯ ᠢ ᠣᠶᠢᠯᠠᠭᠠᠬᠤ ᠠᠵᠢᠯ ᠪᠠ ᠬᠤᠭᠤᠴᠠᠭ᠎ᠠ ᠰᠣᠯᠢᠬᠤ ᠠᠴᠠ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ ᠠᠵᠢᠯ ᠢ | ᠪᠡᠶᠡᠯᠡᠭᠦᠯᠬᠦ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠠᠬᠢᠭᠤᠯᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠪᠦᠬᠦ ᠣᠷᠣᠨ᠂ ᠪᠦᠬᠦ ᠬᠤᠳᠠ ᠶᠢᠨ | ᠥᠭᠡᠷᠡᠴᠢᠯᠡᠯᠲᠡ ᠶᠢᠨ ᠶᠡᠭᠡ ᠲᠠᠯ᠎ᠠ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠦᠴᠦᠨ ᠢ ᠪᠦᠬᠦ ᠬᠦᠴᠦᠨ ᠢᠶᠠᠷ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ |