ᠰᠢᠨ᠎ᠡ ᠪᠠᠷᠭᠤ ᠪᠠᠷᠠᠭᠤᠨ ᠬᠤᠰᠢᠭᠤ ᠠᠷᠪᠠᠳᠠᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠦᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/16
      2025 ᠣᠨ ᠤ 4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠠᠷᠪᠠᠳᠠᠬᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠂ ᠥᠨᠥ ᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ︾ ᠪᠣᠯᠣᠨ᠎ᠠ᠃ ᠲᠤᠬᠠᠶ ᠶᠢᠨ ᠡᠳᠦᠷ᠂ ᠮᠠᠨ ᠤ ᠬᠤᠰᠢᠭᠤ ᠠᠷᠪᠠᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠬᠡᠪ ᠪᠣᠯᠪᠠᠰᠤᠷᠠᠯ ᠪᠠ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃
4.16活动1.jpg
      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠦ᠋ ᠮᠢᠩ ᠡᠾᠦ᠋ᠢ ᠶᠠᠷᠢᠶ᠎ᠠ ᠲᠠᠯᠪᠢᠵᠤ ᠠᠵᠢᠯᠯᠠᠭ᠎ᠠ ᠡᠬᠢᠯᠡᠭᠰᠡᠨ ᠢ ᠵᠠᠷᠯᠠᠪᠠ᠃      ᠠᠵᠢᠯᠯᠠᠭ᠎ᠠ ᠳᠤ᠂ ︽ᠤᠯᠤᠰ ᠤᠨ ᠠᠮᠤᠷ ᠲᠦᠪᠰᠢᠨ ᠢ ᠮᠠᠭᠲᠠᠨ ᠳᠠᠭᠤᠯᠠᠶ᠎ᠠ︾᠂ ︽ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠬᠦᠭᠵᠢᠯᠲᠡ ᠶᠢᠨ ᠰᠠᠭᠤᠷᠢ ᠶᠢ ᠬᠠᠮᠲᠤ ᠪᠠᠷ ᠴᠣᠭᠴᠠᠯᠠᠶ᠎ᠠ︾᠂ ︽ᠬᠢᠯᠢ ᠬᠢᠵᠠᠭᠠᠷ ᠢ ᠬᠠᠮᠠᠭᠠᠯᠠᠭᠴᠢ︾ ᠵᠡᠷᠭᠡ ᠡᠯ᠎ᠡ ᠨᠢᠭᠡᠴᠡ ᠶᠢᠨ ᠨᠠᠶᠢᠷᠠᠭᠤᠯᠵᠤ ᠲᠣᠭᠯᠠᠭᠰᠠᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ᠂ ︽ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠠᠯ᠎ᠠ ᠳᠤ ᠣᠯᠤᠭᠰᠠᠨ ᠲᠣᠪᠤᠶᠢᠮ᠎ᠠ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢᠨ ᠵᠢᠯᠣᠭᠤᠳᠣᠯᠭ᠎ᠠ ᠳᠣᠤᠷ᠎ᠠ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠪᠡ᠃      ᠠᠵᠢᠯᠯᠠᠭ᠎ᠠ ᠳᠤ ᠪᠠᠰᠠ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ᠃      ᠤᠯᠤᠰ ᠤᠨ ᠠᠮᠤᠷ ᠲᠦᠪᠰᠢᠨ ᠨᠢ ᠲᠠ ᠪᠢᠳᠡᠨ ᠲᠠᠢ ᠨᠢᠭᠲᠠ ᠬᠤᠯᠪᠣᠭᠳᠠᠨ᠎ᠠ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠪᠦᠬᠦ᠋ᠢᠯᠡ ᠠᠵᠢᠯᠯᠠᠭ᠎ᠠ ᠶᠢᠨ ᠭᠤᠣᠯ ᠰᠡᠳᠦᠪ ᠲᠤᠪᠤᠶᠢᠮ᠎ᠠ ᠪᠠᠶᠢᠵᠤ᠂ ᠤᠯᠤᠰ ᠤᠨ ᠠᠮᠤᠷ ᠲᠦᠪᠰᠢᠨ ᠤ ᠲᠤᠬᠠᠢ ᠭᠦᠨᠵᠡᠭᠡᠢ ᠣᠶᠢᠯᠠᠭᠠᠯᠲᠠ ᠶᠢ ᠲᠠᠶᠢᠯᠪᠤᠷᠢᠯᠠᠭᠰᠠᠨ ᠪᠥᠭᠡᠳ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠦᠵᠡᠯᠲᠡ ᠶᠢᠨ ᠲᠤᠬᠠᠢ ᠨᠢᠭᠡ ᠤᠳᠠᠭᠠᠨ ᠤ ᠴᠢᠬᠤᠯᠠ ᠦᠢᠯᠡᠳᠦᠯᠭᠡ ᠪᠣᠯᠤᠨ᠎ᠠ᠃ ᠳᠠᠷᠠᠭᠠᠴᠢ ᠪᠠᠷ᠂ ᠮᠠᠨ ᠤ ᠬᠤᠰᠢᠭᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠲᠦᠷᠦ ᠶᠢᠨ ᠪᠤᠳᠤᠯᠭ᠎ᠠ ᠶᠢᠨ ᠪᠠᠶᠢᠳᠠᠯ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠦᠷᠨᠢᠭᠦᠯᠦᠨ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠳᠦᠭᠡᠨ ᠪᠠᠶᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠨ ᠪᠠᠶᠢᠭᠤᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ