2025 ᠤᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 11 | ᠵᠢᠯ ᠤᠨ ᠤᠢ ᠪᠣᠯᠤᠨ᠎ᠠ᠂ ᠡᠨᠡᠬᠦ ᠣᠨᠴᠠᠭᠠᠢ ᠵᠠᠩᠭᠢᠯᠠᠭ᠎ᠠ ᠶᠢᠨ ᠴᠡᠭ ᠲᠤ᠂ ᠤᠯᠤᠰ ᠤᠨ ᠠᠮᠤᠷ ᠲᠦᠪᠰᠢᠨ ᠤ ᠴᠢᠬᠤᠯᠠ ᠠᠴᠢ ᠬᠤᠯᠪᠣᠭᠳᠠᠯ ᠤᠯᠠᠮ ᠠᠴᠠ ᠤᠯᠠᠮ | ᠲᠤᠪᠤᠶᠢᠮ᠎ᠠ ᠪᠣᠯᠪᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠤᠬᠠᠮᠰᠠᠷ ᠪᠠ ᠬᠠᠥᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠡᠷᠦᠯᠦᠨ ᠰᠤᠮᠤ ᠶᠢᠨ | ᠡᠪᠯᠡᠯ ᠤᠨ ᠬᠤᠷᠢᠶ᠎ᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠤᠷᠤᠯᠴᠠᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | | ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠤᠨ ᠰᠠᠭᠤᠷᠢ ᠶᠢ ᠪᠠᠲᠤ ᠴᠣᠭᠴᠠᠯᠠᠪᠠ | ᠬᠡᠷᠦᠯᠦᠨ ᠰᠤᠮᠤ ᠶᠢᠨ ᠡᠪᠯᠡᠯ ᠤᠨ ᠬᠤᠷᠢᠶ᠎ᠠ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ | ᠡᠷᠭᠢᠯᠡᠪᠡ᠃ ᠲᠠᠶᠢᠯᠤᠮᠵᠢ ᠨᠢ ᠤᠯᠤᠰ ᠲᠦᠷᠦ ᠶᠢᠨ ᠠᠮᠤᠷ ᠲᠦᠪᠰᠢᠨ᠂ ᠴᠡᠷᠢᠭ ᠤᠨ ᠶᠠᠪᠤᠳᠠᠯ ᠤᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ | ᠰᠣᠶᠣᠯ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠵᠡᠷᠭᠡ 16 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠪᠠᠭᠲᠠᠭᠠᠭᠰᠠᠨ ᠤᠯᠠᠨ ᠮᠡᠳᠡᠯᠭᠡ ᠶᠢ ᠪᠦᠬᠦ ᠲᠠᠯ᠎ᠠ ᠪᠠᠷ ᠲᠠᠨᠢᠯᠴᠠᠭᠤᠯᠪᠠ᠃ ᠡᠭᠦᠨ ᠤ ᠬᠠᠮᠲᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠠᠪᠤᠴᠠ ᠳᠠᠬᠢ ᠠᠷᠠᠳ | ᠢᠷᠭᠡᠳ ᠤᠨ ᠡᠭᠦᠷᠭᠡ ᠪᠠ ᠡᠷᠬᠡ ᠠᠰᠢᠭ ᠵᠡᠷᠭᠡ ᠮᠡᠳᠡᠯᠭᠡ ᠶᠢ ᠭᠦᠨᠵᠡᠭᠡᠶ ᠲᠠᠶᠢᠯᠪᠤᠷᠢᠯᠠᠪᠠ᠃ ᠠᠯᠢ ᠣᠯᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠵᠢᠭᠰᠠᠭᠠᠬᠤ ᠪᠠᠷ | ᠳᠠᠮᠵᠢᠭᠤᠯᠤᠨ᠂ ᠵᠠᠯᠠᠭᠤᠴᠤᠳ ᠲᠤ ᠤᠯᠤᠰ ᠤᠨ ᠠᠮᠤᠷ ᠲᠦᠪᠰᠢᠨ ᠤ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠭᠡᠳᠡᠭ ᠢ ᠭᠦᠨᠵᠡᠭᠡᠶ ᠲᠠᠨᠢᠭᠤᠯᠵᠤ᠂ ᠬᠠᠷᠢᠶ᠎ᠠ | ᠣᠷᠣᠨ ᠤ ᠵᠠᠯᠠᠭᠤᠴᠤᠳ ᠤᠨ ᠤᠯᠤᠰ ᠤᠨ ᠠᠮᠤᠷ ᠲᠦᠪᠰᠢᠨ ᠢ ᠡᠪᠳᠡᠬᠦ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠠᠵᠢᠯ ᠢ ᠢᠳᠡᠪᠬᠢᠲᠡᠶ ᠳᠡᠮᠵᠢᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠰᠠᠨᠠᠭᠠᠴᠢᠯᠠᠪᠠ᠃ ᠲᠤᠰ ᠤᠳᠠᠭᠠᠨ ᠤ ᠲᠠᠶᠢᠯᠤᠮᠵᠢ ᠨᠢ ᠤᠯᠤᠰ ᠤᠨ ᠠᠮᠤᠷ ᠲᠦᠪᠰᠢᠨ ᠤ | ᠮᠡᠳᠡᠯᠭᠡ ᠶᠢ ᠲᠠᠷᠢᠬᠢ ᠲᠣᠯᠣᠭᠠᠢ ᠳᠤ ᠬᠠᠳᠠᠩᠰᠢᠭᠤᠯᠬᠤ ᠶᠢ ᠪᠦᠲᠦᠮᠵᠢᠲᠡᠢ ᠠᠬᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭᠠᠨ ᠤ | ᠰᠠᠭᠤᠷᠢ ᠶᠢ ᠪᠠᠲᠤᠳᠬᠠᠪᠠ᠃ | ᠠᠮᠤᠷ ᠲᠦᠪᠰᠢᠨ ᠤ ᠬᠠᠤᠯᠢ ᠳᠦᠷᠢᠮ ᠢ ᠰᠤᠷᠤᠯᠴᠠᠵᠤ᠂ ᠵᠥᠪ ᠣᠨᠣᠪᠴᠢᠲᠠᠢ ᠠᠮᠤᠷ ᠲᠦᠪᠰᠢᠨ ᠤ ᠤᠬᠠᠮᠰᠠᠷ ᠢ ᠪᠤᠢ ᠪᠣᠯᠭᠠᠪᠠ | ᠬᠡᠷᠦᠯᠦᠨ ᠰᠤᠮᠤ ᠶᠢᠨ ᠡᠪᠯᠡᠯ ᠤᠨ ᠬᠤᠷᠢᠶ᠎ᠠ ᠤᠯᠠᠨ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ | ᠲᠦᠪᠰᠢᠨ ᠤ ᠬᠠᠤᠯᠢ︾ ᠶᠢ ᠭᠦᠨᠵᠡᠭᠡᠶ ᠰᠤᠷᠤᠯᠴᠠᠪᠠ᠃ ᠰᠤᠷᠤᠯᠴᠠᠯᠭ᠎ᠠ ᠶᠢᠨ ᠠᠬᠢᠴᠠ ᠳᠤ᠂ ᠲᠤᠰ ᠬᠠᠤᠯᠢ ᠶᠢ ᠲᠣᠭᠲᠠᠭᠠᠭᠰᠠᠨ ᠠᠬᠤᠢ ᠪᠠᠶᠢᠳᠠᠯ᠂ ᠵᠠᠰᠠᠪᠤᠷᠢ | ᠣᠷᠣᠭᠤᠯᠤᠭᠰᠠᠨ ᠥᠩᠭᠡᠷᠡᠯᠲᠡ ᠵᠢᠴᠢ ᠠᠷᠠᠳ ᠢᠷᠭᠡᠳ ᠤᠨ ᠲᠡᠭᠦᠨ ᠤ ᠳᠣᠲᠣᠷ᠎ᠠ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠡᠭᠦᠷᠭᠡ ᠵᠡᠷᠭᠡ ᠠᠭᠤᠯᠭ᠎ᠠ ᠶᠢ ᠨᠠᠷᠢᠯᠢᠭ | ᠣᠶᠢᠯᠠᠭᠠᠪᠠ᠃ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠴᠢᠬᠤᠯᠠ | ᠴᠢᠨᠠᠷ ᠢ ᠭᠦᠨᠵᠡᠭᠡᠶ ᠲᠠᠨᠢᠵᠤ᠂ ᠲᠣᠰ ᠪᠡᠶ᠎ᠡ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠤᠯᠤᠰ ᠤᠨ ᠶᠡᠷᠦᠩᠬᠡᠶ ᠴᠣᠭᠴᠠ ᠶᠢᠨ | ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠨᠡᠪᠴᠢᠯᠲᠡ ᠶᠢ ᠡᠰᠡᠷᠭᠦᠴᠡᠬᠦ᠂ ᠤᠷᠪᠠᠯ ᠢ ᠡᠰᠡᠷᠭᠦᠴᠡᠬᠦ᠂ ᠨᠢᠭᠤᠴᠠ ᠶᠢ ᠬᠤᠯᠠᠭᠠᠶᠢᠯᠠᠬᠤ ᠶᠢ | ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ᠂ ᠨᠤᠷᠠᠭᠠᠯᠲᠠ ᠶᠢ ᠡᠰᠡᠷᠭᠦᠴᠡᠬᠦ᠂ ᠡᠪᠳᠡᠯᠡᠭᠡ ᠶᠢ ᠡᠰᠡᠷᠭᠦᠴᠡᠬᠦ ᠤᠯᠤᠰ ᠤᠨ ᠠᠮᠤᠷ ᠲᠦᠪᠰᠢᠨ ᠤ ᠠᠷᠠᠳ ᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠪᠠ ᠤᠯᠤᠰ ᠲᠥᠷᠥ ᠶᠢᠨ ᠲᠣᠭᠲᠠᠭᠤᠨ ᠪᠠᠶᠢᠳᠠᠯ ᠢ ᠦᠨᠡᠨᠬᠦ ᠰᠠᠶᠢᠲᠤᠷ | ᠬᠠᠮᠠᠭᠠᠯᠠᠨ᠎ᠠ ᠭᠡᠵᠦ ᠢᠯᠡᠳᠬᠡᠵᠡᠭᠡᠪᠡ᠃ | ᠤᠬᠠᠭᠤᠯᠭ᠎ᠠ ᠶᠢᠨ ᠸᠢᠳᠢᠣ᠋ ᠦᠵᠡᠵᠦ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠪᠠ | ᠤᠯᠤᠰ ᠤᠨ ᠠᠮᠤᠷ ᠲᠦᠪᠰᠢᠨ ᠤ ᠬᠥᠮᠦᠵᠢᠯ ᠢ ᠨᠡᠩ ᠰᠢᠭᠤᠳ ᠭᠦᠨᠵᠡᠭᠡᠶᠢᠷᠡᠭᠦᠯᠬᠦ ᠶᠢᠨ ᠲᠥᠯᠥᠭᠡ᠂ ᠵᠠᠯᠠᠭᠤ ᠠᠵᠢᠯᠲᠠᠳ ᠢ ᠵᠣᠬᠢᠶᠠᠨ ᠪᠠᠶᠢᠭᠤᠯᠵᠤ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ᠢ ᠦᠵᠡᠭᠦᠯᠪᠡ᠃ ᠲᠣᠰ ᠲᠤᠰᠬᠠᠶ ᠰᠡᠳᠦᠪᠲᠦ | ᠹᠢᠯᠢᠮ ᠨᠢ ᠤᠯᠤᠰ ᠤᠨ ᠠᠮᠤᠷ ᠲᠦᠪᠰᠢᠨ ᠤ ᠤᠬᠠᠭᠳᠠᠬᠤᠨ᠂ ᠬᠠᠮᠤᠷᠤᠭᠳᠠᠭᠰᠠᠨ 16 ᠬᠦᠷᠢᠶ᠎ᠡ ᠴᠠᠷᠠᠭ᠎ᠠ᠂ ᠤᠯᠤᠰ ᠤᠨ ᠶᠡᠷᠦᠩᠬᠡᠶ ᠴᠣᠭᠴᠠ ᠶᠢᠨ ᠠᠮᠤᠷ | ᠲᠦᠪᠰᠢᠨ ᠤ ᠦᠵᠡᠯᠲᠡ ᠶᠢᠨ 5 ᠭᠤᠤᠯ ᠡᠯᠧᠮᠧᠨ᠋ᠲ ᠵᠢᠴᠢ ᠤᠯᠤᠰ ᠤᠨ ᠠᠮᠤᠷ ᠲᠦᠪᠰᠢᠨ ᠤ ᠥᠷᠭᠡᠨ ᠣᠯᠠᠨ ᠠᠷᠠᠳ ᠲᠦᠮᠡᠨ ᠤ ᠬᠠᠷᠢᠴᠠᠭ᠎ᠠ ᠵᠡᠷᠭᠡ ᠠᠭᠤᠯᠭ᠎ᠠ ᠶᠢ | ᠭᠤᠤᠯᠳᠠᠯᠭ᠎ᠠ ᠲᠠᠢ ᠲᠣᠳᠣᠷᠬᠠᠶᠢᠯᠠᠨ ᠥᠭᠦᠯᠡᠪᠡ᠃ ᠺᠠᠷᠲ᠋ᠣᠨ ᠵᠢᠷᠤᠭ ᠢᠶᠠᠷ ᠠᠮᠢᠳᠤᠯᠢᠭ ᠰᠠᠶᠢᠬᠠᠨ ᠳᠡᠯᠭᠡᠨ ᠦᠵᠡᠭᠦᠯᠬᠦ ᠬᠡᠯᠪᠡᠷᠢ ᠪᠠᠷ ᠳᠠᠮᠵᠢᠭᠤᠯᠤᠨ᠂ ᠤᠯᠤᠰ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠲᠤᠯᠭᠠᠮ᠎ᠠ ᠴᠢᠨᠠᠷ ᠪᠠ ᠲᠦᠭᠡᠮᠡᠯ ᠴᠢᠨᠠᠷ ᠢ ᠰᠢᠭᠤᠳ ᠢᠯᠡᠷᠡᠭᠦᠯᠵᠦ᠂ ᠤᠯᠤᠰ ᠤᠨ ᠠᠮᠤᠷ ᠲᠦᠪᠰᠢᠨ ᠤ ᠠᠷᠠᠳ ᠤᠨ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠵᠠᠯᠠᠭᠤᠴᠤᠳ ᠤᠨ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢ ᠲᠦᠢᠯ ᠤᠨ ᠶᠡᠭᠡ ᠪᠠᠷ ᠴᠢᠩᠭᠠᠳᠬᠠᠪᠠ᠃ | ᠬᠤᠶᠢᠰᠢᠳᠠ᠂ ᠬᠡᠷᠦᠯᠦᠨ ᠰᠤᠮᠤ ᠶᠢᠨ ᠡᠪᠯᠡᠯ ᠤᠨ ᠬᠤᠷᠢᠶ᠎ᠠ ᠠᠵᠢᠯ ᠤᠨ ᠬᠡᠯᠪᠡᠷᠢ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠰᠤᠷᠤᠯᠴᠠᠬᠤ | ᠠᠭᠤᠯᠭ᠎ᠠ ᠪᠠᠨ ᠭᠦᠨᠵᠡᠭᠡᠶᠢᠷᠡᠭᠦᠯᠦᠨ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠰᠤᠮᠤᠨ ᠤ ᠬᠠᠷᠢᠶ᠎ᠠ ᠣᠷᠣᠨ ᠤ ᠣᠯᠠᠨ ᠲᠦᠮᠡᠨ ᠤ ᠤᠯᠤᠰ ᠤᠨ | ᠠᠮᠤᠷ ᠲᠦᠪᠰᠢᠨ ᠤ ᠲᠤᠬᠠᠶ ᠮᠡᠳᠡᠴᠡ ᠬᠡᠮᠵᠢᠶ᠎ᠡ ᠶᠢ ᠳᠡᠭᠡᠭᠰᠢᠯᠡᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃ | | |