4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠦᠷᠰᠢ | ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠳᠦᠮᠵᠢ ᠪᠣᠯᠤᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ | ᠬᠤᠶᠢᠰᠢᠳᠠ ᠶᠢᠨ ᠬᠡᠰᠡᠭ ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠡᠳᠭᠢᠮᠵᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠰᠢᠨ᠎ᠡ ᠠᠶᠠᠨ ᠳᠤ ᠬᠦᠷᠰᠢ ᠵᠡᠷᠭᠡᠯᠡᠳᠡᠭᠡ ᠶᠢᠨ ᠠᠵᠢᠯ ᠤᠨ | ᠰᠢᠨ᠎ᠡ ᠪᠠᠶᠢᠳᠠᠯ ᠢ ᠡᠭᠦᠳᠬᠦ ᠳᠤ ᠤᠷᠤᠭᠰᠢᠯᠠᠬᠤ ᠴᠢᠭᠯᠡᠯ ᠢ ᠵᠢᠭᠠᠵᠤ ᠥᠭᠴᠡᠶ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠬᠦᠷᠬᠡ ᠬᠠᠷᠢᠭᠤᠴᠠᠯᠭᠠᠲᠤ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ | ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠶᠢ ᠡᠷᠡᠰ ᠳᠠᠭᠠᠵᠤ ᠲᠡᠭᠦᠨ ᠳᠤ ᠦᠢᠯᠡᠴᠢᠯᠡᠨ᠂ ᠬᠦᠷᠰᠢ ᠵᠡᠷᠭᠡᠯᠡᠳᠡᠭᠡ ᠶᠢᠨ ᠠᠵᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢ ᠭᠦᠨᠵᠡᠭᠡᠶ ᠡᠵᠡᠮᠳᠡᠵᠦ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ | ᠬᠦᠷᠰᠢ ᠵᠡᠷᠭᠡᠯᠡᠳᠡᠭᠡ ᠤᠯᠤᠰ ᠤᠳ ᠤᠨ ᠬᠤᠯᠪᠣᠭᠳᠠᠯ ᠪᠥᠬᠦᠶ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ | ᠠᠬᠤᠶ ᠠᠷᠠᠯᠵᠢᠶᠠᠨ ᠤ ᠶᠠᠪᠤᠯᠴᠠᠭ᠎ᠠ ᠵᠢᠴᠢ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ | ᠰᠣᠯᠢᠯᠴᠠᠭ᠎ᠠ ᠪᠠᠨ ᠲᠠᠰᠤᠷᠠᠯᠲᠠ ᠥᠬᠡᠶ ᠥᠷᠭᠡᠳᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠣᠭᠤᠭᠠᠷᠠᠭᠤᠯᠤᠯᠲᠠ ᠶᠢ ᠥᠷᠭᠡᠳᠭᠡᠵᠦ ᠨᠤᠭᠤᠭᠠᠷᠠᠭᠤᠯᠤᠯᠲᠠ ᠶᠢ | ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ ᠮᠣᠳᠣ ᠲᠠᠷᠢᠵᠤ ᠣᠶᠢᠵᠢᠭᠤᠯᠬᠤ ᠶᠢ ᠠᠬᠢᠭᠤᠯᠵᠤ᠂ ᠤᠨᠴᠠᠯᠢᠬᠳᠤ ᠤᠢ ᠰᠢᠭᠤᠢ | ᠡᠪᠡᠰᠦᠨ ᠤ ᠠᠵᠤ ᠦᠢᠯᠡᠰ ᠢ ᠲᠦᠷᠭᠡᠳᠭᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ | ᠥᠪᠥᠷ ᠮᠣᠩᠭᠤᠯ ᠤᠨ ᠨᠤᠭᠤᠭᠠᠨ ᠳᠡᠪᠢᠰᠭᠡᠷ ᠥᠩᠭᠡ ᠶᠢ ᠨᠡᠩ ᠬᠦᠨ ᠪᠤᠯᠭᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠠᠢ | ᠤᠶᠠᠯᠳᠤᠭᠤᠯᠤᠨ᠂ ᠣᠯᠠᠨ ᠬᠡᠯᠪᠡᠷᠢ ᠮᠠᠶ᠋ᠢᠭ ᠪᠦᠬᠦᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ | ︾ ᠶᠢ ᠪᠠᠷᠢᠮᠲᠠᠯᠠᠨ ᠬᠥᠭᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠠᠯ᠎ᠠ ᠶᠢᠨ | ᠡᠬᠢ ᠪᠠᠶᠠᠯᠢᠭ ᠪᠠ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠵᠡᠷᠭᠡ ᠰᠠᠶᠢᠨ ᠲᠣᠭᠲᠡᠴᠡ ᠰᠠᠶᠢᠨ ᠠᠷᠭ᠎ᠠ | ᠬᠢᠳᠡᠯ ᠢ ᠰᠠᠶᠢᠲᠤᠷ ᠬᠡᠷᠡᠭᠯᠡᠵᠦ᠂ ᠣᠯᠠᠨ ᠲᠦᠮᠡᠨ ᠳᠤ ᠨᠠᠩ ᠳᠥᠭᠦᠮ ᠳᠥᠷᠬᠡᠨ ᠥᠨᠳᠥᠷ ᠪᠦᠲᠦᠮᠵᠢᠲᠡᠶ ᠦᠢᠯᠡᠴᠢᠯᠡᠵᠦ᠂ ᠦᠨᠳᠦᠰᠦᠨ ᠱᠠᠲᠤᠨ ᠤ ᠵᠥᠷᠢᠴᠡᠯ | ᠵᠠᠭᠤᠷᠠᠯᠳᠤᠭᠠᠨ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |