ᠥᠪᠥᠷ ᠮᠣᠩᠭᠤᠯ᠄ ᠪᠡᠯᠡᠳᠭᠡᠮᠵᠢᠳᠤ ᠲᠠᠷᠢᠶᠠᠯᠠᠩ ᠢᠶᠠᠷ ᠬᠥᠭᠵᠢᠨ ᠮᠠᠨᠳᠤᠯᠲᠠ ᠶᠢ ᠳᠡᠮᠵᠢᠨ᠎ᠡ
ᠨᠡᠶᠢᠲᠡᠯᠡᠭᠰᠡᠨ ᠴᠠᠭ᠄
2025/4/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 2025 ᠣᠨ ᠳᠤ ᠪᠥᠬᠦ ᠣᠷᠣᠨ ᠳᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ 5.6 ᠲᠦᠮᠡᠨ ᠮᠦ ᠬᠠᠭᠤᠴᠢᠨ ᠫᠧᠩ ᠰᠠᠷᠠᠪᠴᠢ ᠶᠢ ᠥᠭᠡᠷᠡᠴᠢᠯᠡᠨ ᠰᠠᠶᠢᠵᠢᠷᠠᠭᠤᠯᠵᠤ᠂ ︽ᠨᠣᠭᠤᠭ᠎ᠠ᠂ ᠵᠢᠮᠢᠰ᠂ ᠡᠮ᠂ ᠴᠡᠴᠡᠭ᠂ ᠮᠦᠬᠦ︾ ᠵᠡᠷᠭᠡ ᠥᠨᠳᠥᠷ ᠨᠡᠮᠡᠯᠲᠡ ᠥᠷᠲᠡᠭᠲᠦ ᠠᠵᠤ ᠦᠢᠯᠡᠰ ᠢ ᠳᠡᠮᠵᠢᠨ ᠬᠥᠭᠵᠢᠭᠦᠯᠦᠨ᠎ᠡ︔ 2026 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠢ ᠶᠢ 280 ᠲᠦᠮᠡᠨ ᠮᠦ ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ ᠂ 2030 ᠣᠨ ᠪᠣᠯᠬᠤ ᠳᠤ ᠣᠷᠣᠨ ᠪᠦᠰᠡ ᠶᠢᠨ ᠪᠠᠶᠢᠷᠢᠰᠢᠭᠤᠯᠤᠯᠲᠠ ᠨᠢ ᠨᠡᠩ ᠵᠦᠢ ᠵᠣᠬᠢᠰᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠨᠥᠬᠦᠴᠡᠯ ᠨᠢ ᠢᠯᠡᠳᠲᠡ ᠰᠠᠶᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ ᠦᠭᠡᠢ ᠴᠢᠩᠭᠠᠷᠠᠭᠰᠠᠨ ᠤᠳᠤ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠪᠠᠶᠢᠷᠢᠰᠢᠯ ᠢ ᠪᠠᠶᠢᠭᠤᠯᠬᠤ ᠪᠠᠷ ᠴᠢᠷᠮᠠᠶᠢᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ