4 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ | ᠳᠤᠭᠤᠶᠢᠯᠠᠩ 2025 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ︽ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ︾ ᠲᠣᠭᠤᠷᠢᠨ ᠳᠤ | ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠡᠯ᠎ᠡ ᠪᠦᠷᠢᠯᠳᠦᠬᠦᠨ ᠳᠡᠭᠡᠳᠦ ᠱᠠᠲᠤ ᠨᠢ ᠳᠣᠤᠷᠠᠳᠤ ᠱᠠᠲᠤ ᠪᠠᠨ | ᠳᠠᠭᠠᠭᠤᠯᠬᠤ ᠶᠢ ᠪᠠᠷᠢᠮᠲᠠᠯᠠᠵᠤ᠂ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠠᠵᠢᠯ ᠤᠨ ᠳᠤᠮᠳᠠᠬᠢ ᠵᠢᠵᠢᠭ ᠶᠠᠪᠤᠳᠠᠯ ᠠᠴᠠ ᠡᠬᠢᠯᠡᠨ ᠠᠳᠬᠤᠵᠤ᠂ ᠬᠤᠪᠢᠳᠠᠨ | ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠ ︽ᠬᠤᠶᠢᠷᠭᠤ︾ ᠵᠡᠷᠭᠡ | ᠰᠤᠷᠲᠠᠯ ᠤᠨ ᠠᠷᠬᠠᠭ ᠬᠡᠮ ᠢ ᠡᠷᠡᠰ ᠠᠷᠢᠯᠭᠠᠬᠤ ᠬᠡᠷᠡᠭᠲᠡᠶ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠪᠡᠯᠡ ᠮᠥᠩᠭᠦ ᠨᠢᠭᠲᠠ᠂ ᠡᠬᠢ ᠪᠠᠶᠠᠯᠢᠭ ᠡᠯᠪᠡᠭ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠤᠷᠲᠠᠯ ᠢᠯᠵᠢᠷᠡᠯ ᠢ ᠬᠠᠮᠲᠤ ᠪᠠᠷ | ᠪᠠᠶᠢᠴᠠᠭᠠᠵᠤ ᠵᠡᠷᠭᠡ ᠪᠠᠷ ᠵᠠᠰᠠᠬᠤ ᠶᠢ ᠭᠦᠨᠵᠡᠭᠡᠢ ᠠᠬᠢᠭᠤᠯᠵᠤ᠂ ︽ᠢᠯᠠᠭ᠎ᠠ ᠶᠢᠨ ᠱᠠᠮᠰᠢᠭᠴᠢ ᠰᠢᠷᠭᠤᠯᠵᠢ ᠶᠢᠨ ᠢᠯᠵᠢᠷᠡᠯ︾ ᠢ ᠦᠷᠭᠦᠯᠵᠢᠯᠡᠨ ᠬᠦᠴᠦᠯᠡᠨ ᠵᠠᠯᠬᠠᠭᠠᠨ | ᠰᠢᠳᠬᠡᠵᠦ᠂ ᠺᠠᠳ᠋ᠷ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ | ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠰᠢᠯᠢᠳᠡᠭ | ᠰᠤᠷᠲᠠᠯ ᠢ ᠪᠠᠳᠠᠷᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠶᠢ ᠡᠷᠬᠢᠮᠯᠡᠬᠦ᠂ ᠪᠣᠳᠠᠲᠤ | ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠬᠥᠮᠦᠵᠢᠯ ᠤᠨ ᠴᠢᠨᠠᠷ ᠰᠠᠶᠢᠲᠠᠢ ᠥᠨᠳᠥᠷ | ᠪᠦᠲᠦᠮᠵᠢᠲᠡᠢ ᠥᠷᠨᠢᠬᠦ᠂ ᠵᠢᠱᠢᠭᠰᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |