4 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠢᠵᠦ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠭᠰᠠᠨ ᠪᠥᠭᠡᠳ ᠡᠨᠡ ᠬᠦ | ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠢᠦᠢ | ᠸᠧᠢ ᠳ᠋ᠦᠩ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠲᠠᠯᠠᠪᠠᠢ ᠳᠤ ᠶᠠᠷᠢᠶ᠎ᠠ ᠲᠠᠯᠪᠢᠵᠤ᠂ ᠪᠢᠴᠢᠭ ᠢᠶᠠᠷ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠣᠳᠠᠲᠠᠢ ᠲᠤᠬᠢᠷᠠᠭᠤᠯᠤᠯᠳᠠ ᠶᠣᠰᠣᠭᠠᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢᠶᠠᠨ | ᠳᠠᠪᠲᠠᠨ ᠪᠣᠯᠪᠠᠰᠤᠷᠠᠭᠤᠯᠵᠤ᠂ ᠪᠠᠶᠢᠴᠠᠭᠠᠨ ᠰᠠᠶᠢᠵᠢᠷᠠᠭᠤᠯᠵᠤ ᠨᠡᠪᠲᠡᠷᠡᠭᠦᠯᠬᠦ ᠳᠤᠮᠳᠠ ᠴᠠᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠬᠡᠷᠡᠭ ᠢᠶᠠᠷ ᠲᠤᠯᠢ | ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠣᠳᠣᠬᠢᠴᠢᠯᠠᠭᠰᠠᠨ ᠬᠥᠯᠥᠨ ᠪᠤᠶᠢᠷ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |