4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 | ᠣᠨ ᠤ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠷᠰᠢ ᠵᠡᠷᠬᠡᠯᠡᠳᠡᠭᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠢᠴᠡᠳ ᠲᠠᠨᠢᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠡᠳᠬᠢᠮᠵᠢ ᠠᠷᠭ᠎ᠠ ᠬᠡᠮᠵᠢᠶ᠎ᠡ ᠶᠢ | ᠪᠠᠲᠤ ᠡᠵᠡᠮᠳᠡᠵᠦ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠶᠢ ᠡᠷᠡᠰ ᠲᠠᠭᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠣᠷᠣᠰ᠂ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠥᠷᠭᠡᠴᠡ ᠭᠦᠨᠴᠡ ᠶᠢ ᠤᠯᠠᠮ | ᠨᠢᠭᠡ ᠠᠯᠬᠤᠮ ᠥᠷᠭᠡᠳᠬᠡᠵᠦ᠂ ᠠᠷᠠᠯᠵᠢᠶ᠎ᠠ᠂ ᠪᠠᠯᠠ ᠣᠷᠣᠭᠤᠯᠤᠯᠲᠠ᠂ ᠨᠡᠪᠲᠡᠷᠡᠬᠦ ᠵᠠᠮ᠂ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠬᠦᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ | ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠬᠠᠮᠵᠢᠯᠴᠠᠨ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠣᠷᠣᠨ | ᠪᠦᠰᠡ ᠶᠢᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ | ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠠᠪᠤᠳᠠᠯ ᠢ | ᠰᠤᠳᠤᠯᠤᠨ ᠬᠢᠨᠠᠨ ᠵᠥᠪᠯᠡᠪᠡ᠃ |