2025 ᠣᠨ ᠤ 4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠠᠷᠪᠠᠳᠠᠬᠢ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ︾ ᠪᠣᠯᠣᠨ᠎ᠠ᠂ ᠥᠨᠥ ᠵᠢᠯ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠤᠢ︾ ᠪᠣᠯᠣᠨ᠎ᠠ᠃ ᠲᠤᠬᠠᠶ ᠶᠢᠨ ᠡᠳᠦᠷ᠂ ᠮᠠᠨ ᠤ ᠬᠤᠰᠢᠭᠤ ᠠᠷᠪᠠᠳᠠᠬᠢ ᠪᠥᠬᠦ ᠠᠷᠠᠳ ᠤᠨ | ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠬᠡᠪ ᠪᠣᠯᠪᠠᠰᠤᠷᠠᠯ ᠪᠠ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ | | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ | ᠭᠡᠷ ᠤᠨ ᠡᠷᠬᠢᠯᠡᠭᠴᠢ ᠦ᠋ ᠮᠢᠩ ᠡᠾᠦ᠋ᠢ ᠶᠠᠷᠢᠶ᠎ᠠ ᠲᠠᠯᠪᠢᠵᠤ ᠠᠵᠢᠯᠯᠠᠭ᠎ᠠ ᠡᠬᠢᠯᠡᠭᠰᠡᠨ ᠢ ᠵᠠᠷᠯᠠᠪᠠ᠃ | | | | ᠠᠵᠢᠯᠯᠠᠭ᠎ᠠ ᠳᠤ᠂ ︽ᠤᠯᠤᠰ ᠤᠨ ᠠᠮᠤᠷ ᠲᠦᠪᠰᠢᠨ ᠢ ᠮᠠᠭᠲᠠᠨ ᠳᠠᠭᠤᠯᠠᠶ᠎ᠠ︾᠂ ︽ᠤᠯᠤᠰ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ | ᠬᠦᠭᠵᠢᠯᠲᠡ ᠶᠢᠨ ᠰᠠᠭᠤᠷᠢ ᠶᠢ ᠬᠠᠮᠲᠤ ᠪᠠᠷ ᠴᠣᠭᠴᠠᠯᠠᠶ᠎ᠠ︾᠂ ︽ᠬᠢᠯᠢ ᠬᠢᠵᠠᠭᠠᠷ ᠢ ᠬᠠᠮᠠᠭᠠᠯᠠᠭᠴᠢ︾ ᠵᠡᠷᠭᠡ ᠡᠯ᠎ᠡ ᠨᠢᠭᠡᠴᠡ ᠶᠢᠨ ᠨᠠᠶᠢᠷᠠᠭᠤᠯᠵᠤ ᠲᠣᠭᠯᠠᠭᠰᠠᠨ ᠤᠷᠠᠨ | ᠰᠠᠶᠢᠬᠠᠨ ᠤ ᠲᠣᠭᠯᠠᠯᠲᠠ ᠶᠢ ᠰᠣᠨᠢᠷᠬᠠᠵᠤ᠂ ︽ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤᠨ ᠤ | ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠠᠯ᠎ᠠ ᠳᠤ ᠣᠯᠤᠭᠰᠠᠨ ᠲᠣᠪᠤᠶᠢᠮ᠎ᠠ ᠠᠮᠵᠢᠯᠲᠠ ᠪᠦᠲᠦᠮᠵᠢ ᠶᠢ | ᠭᠦᠢᠴᠡᠳ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢᠨ ᠵᠢᠯᠣᠭᠤᠳᠣᠯᠭ᠎ᠠ | ᠳᠣᠤᠷ᠎ᠠ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠷᠡᠰ ᠪᠠᠲᠤ ᠢᠲᠡᠭᠡᠯ ᠵᠣᠷᠢᠭ ᠢᠶᠠᠨ ᠢᠯᠡᠳᠬᠡᠪᠡ᠃ | ᠠᠵᠢᠯᠯᠠᠭ᠎ᠠ ᠳᠤ ᠪᠠᠰᠠ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠪᠡ᠃ | | | | ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠡᠷᠡᠭ ᠶᠠᠪᠤᠳᠠᠯ ᠤᠨ ᠲᠥᠪ ᠤᠨ ᠡᠷᠬᠢᠯᠡᠭᠴᠢ ᠪᠦᠦ ᠶᠤᠸᠠᠨ ᠶᠤᠸᠠᠨ᠄ ︽ | ᠥᠨᠥᠳᠦᠷ ᠤᠨ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ ᠤᠯᠤᠰ ᠤᠨ ᠠᠮᠤᠷ ᠲᠦᠪᠰᠢᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠣᠭᠰᠠᠨ ᠪᠠᠶᠢᠨ᠎ᠠ᠂ | ᠪᠢᠳᠡ ᠬᠢᠯᠢ ᠬᠢᠵᠠᠭᠠᠷ ᠣᠷᠣᠨ ᠳᠤ ᠠᠮᠢᠳᠤᠷᠠᠵᠤ ᠪᠠᠶᠢᠬᠤ ᠪᠣᠯᠬᠤᠷ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠡᠩ ᠢᠯᠡᠭᠦᠦ ᠴᠢᠬᠤᠯᠠᠴᠢᠯᠠᠵᠤ᠂ | ᠤᠯᠤᠰ ᠤᠨ ᠠᠮᠤᠷ ᠲᠦᠪᠰᠢᠨ ᠤ ᠬᠥᠮᠦᠵᠢᠯ ᠢ ᠲᠠᠰᠤᠷᠠᠯᠲᠠ ᠥᠬᠡᠶ ᠴᠢᠩᠭᠠᠳᠬᠠᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠵᠦ᠂ | ᠪᠥᠬᠦ ᠬᠤᠰᠢᠭᠤᠨ ᠤ ᠬᠡᠪᠴᠢᠶᠡᠨ ᠳᠤ ᠡᠳᠦᠷ ᠪᠦᠷᠢ ︿4 · 15﹀ ᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠᠯ ᠵᠣᠬᠢᠨ᠎ᠠ᠃ ᠤᠯᠤᠰ ᠤᠨ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠲᠠᠩᠨᠠᠭᠤᠯ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃ | ᠤᠯᠤᠰ ᠤᠨ ᠠᠮᠤᠷ ᠲᠦᠪᠰᠢᠨ ᠨᠢ ᠲᠠ ᠪᠢᠳᠡᠨ ᠲᠠᠢ ᠨᠢᠭᠲᠠ ᠬᠤᠯᠪᠣᠭᠳᠠᠨ᠎ᠠ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ | ᠬᠠᠷᠢᠭᠤᠴᠠᠯᠭ᠎ᠠ ᠲᠠᠢ᠃ ᠪᠦᠬᠦ᠋ᠢᠯᠡ ᠠᠵᠢᠯᠯᠠᠭ᠎ᠠ ᠶᠢᠨ ᠭᠤᠣᠯ ᠰᠡᠳᠦᠪ ᠲᠤᠪᠤᠶᠢᠮ᠎ᠠ ᠪᠠᠶᠢᠵᠤ᠂ ᠤᠯᠤᠰ ᠤᠨ ᠠᠮᠤᠷ ᠲᠦᠪᠰᠢᠨ ᠤ ᠲᠤᠬᠠᠢ ᠭᠦᠨᠵᠡᠭᠡᠢ | ᠣᠶᠢᠯᠠᠭᠠᠯᠲᠠ ᠶᠢ ᠲᠠᠶᠢᠯᠪᠤᠷᠢᠯᠠᠭᠰᠠᠨ ᠪᠥᠭᠡᠳ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ | ᠦᠵᠡᠯᠲᠡ ᠶᠢᠨ ᠲᠤᠬᠠᠢ ᠨᠢᠭᠡ ᠤᠳᠠᠭᠠᠨ ᠤ ᠴᠢᠬᠤᠯᠠ ᠦᠢᠯᠡᠳᠦᠯᠭᠡ ᠪᠣᠯᠤᠨ᠎ᠠ᠃ ᠳᠠᠷᠠᠭᠠᠴᠢ ᠪᠠᠷ᠂ ᠮᠠᠨ ᠤ ᠬᠤᠰᠢᠭᠤ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠲᠦᠷᠦ ᠶᠢᠨ ᠪᠤᠳᠤᠯᠭ᠎ᠠ ᠶᠢᠨ ᠪᠠᠶᠢᠳᠠᠯ᠂ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠦᠷᠨᠢᠭᠦᠯᠦᠨ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ | ᠦᠵᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠳᠦᠭᠡᠨ | ᠪᠠᠶᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠣᠭᠴᠠᠯᠠᠨ ᠪᠠᠶᠢᠭᠤᠯᠤᠨ᠎ᠠ᠃ | | | |