ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ︹2025︺ 9 ᠳ᠋ᠦ᠋ᠭᠡᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠤ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠲᠠ ᠨᠠᠷ ᠲᠤ | ᠳᠠᠷᠤᠮᠠᠯᠯᠠ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | 2025 ᠣᠨ ᠤ 2 ᠳ᠋ᠤᠭᠠᠷ ᠰᠠᠷ᠎ᠠ ᠶᠢᠨ15 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ | | | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢ ᠲᠠᠢ ᠪᠠᠶᠢᠯᠭᠠᠬᠤ᠂ ᠰᠢᠰᠲ᠋ᠧᠮ ᠲᠠᠢ | ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ᠂ ᠤᠰᠤ ᠠᠷᠪᠢᠯᠠᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠬᠦ ᠶᠢᠨ ᠲᠤᠰᠠᠳᠠ᠂ ᠲᠤᠰ | ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2025 ᠣᠨ ᠳᠤ᠂ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ ᠮᠧᠲᠷ ᠤᠨ ᠳᠣᠲᠣᠷ᠎ᠠ ᠬᠢᠵᠠᠭᠠᠷᠯᠠᠵᠤ᠂ | ᠲᠦᠮᠡᠨ ᠲᠥᠭᠦᠷᠢᠭ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠦᠷᠢ ᠳᠤ ᠬᠡᠷᠡᠭᠯᠡᠬᠦ ᠣᠰᠤᠨ ᠤ ᠬᠡᠮᠵᠢᠶ᠎ᠡ ᠶᠢ 2020 ᠣᠨ ᠤ | ᠬᠢ ᠠᠴᠠ 12% ᠠᠴᠠ ᠳᠡᠭᠡᠭᠰᠢ ᠪᠠᠭᠤᠷᠠᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠺᠦᠪ ᠮᠧᠲᠷ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠢ ᠤᠰᠤᠯᠠᠬᠤ ᠳᠤ ᠤᠰᠤ ᠶᠢ ᠪᠦᠲᠦᠮᠵᠢᠲᠡᠶ ᠠᠰᠢᠭᠯᠠᠭᠰᠠᠨ ᠢᠯᠡᠳᠬᠡᠮᠵᠢ ᠶᠢ 0.59 ᠠᠴᠠ ᠳᠡᠭᠡᠭᠰᠢ ᠳᠤ | ᠬᠦᠷᠦᠭᠦᠯᠦᠨ᠎ᠡ︔ ᠲᠦᠮᠡᠨ ᠲᠥᠭᠦᠷᠢᠭ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ | 13% ᠠᠴᠠ ᠳᠡᠭᠡᠭᠰᠢ ᠪᠠᠭᠤᠷᠠᠭᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ | ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤᠨ ᠤ ᠠᠰᠢᠭᠯᠠᠮᠵᠢ ᠶᠢ 48% ᠠᠴᠠ ᠳᠡᠭᠡᠭᠰᠢ ᠳᠤ ᠬᠦᠷᠦᠭᠦᠯᠦᠨ᠎ᠡ︔ ᠪᠠᠶᠢᠩᠭᠤ ᠶᠢᠨ ᠪᠤᠰᠤ | ᠤᠰᠤ ᠶᠢ ᠠᠰᠢᠭᠯᠠᠬᠤ ᠬᠡᠮᠵᠢᠶ᠎ᠡ ᠶᠢ 7.68 ᠳ᠋ᠦᠩᠰᠢᠭᠤᠷ ᠺᠦᠪ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠪᠦᠬᠦ ᠣᠷᠣᠨ ᠤ ᠤᠰᠤᠨ ᠤ ᠡᠬᠢ ᠪᠠᠶᠠᠯᠢᠭ ᠢ | ᠠᠷᠪᠢᠯᠠᠨ ᠠᠰᠢᠭᠯᠠᠬᠤ ᠠᠵᠢᠯ ᠢᠯᠡᠷᠬᠡᠢ ᠦᠷ᠎ᠡ ᠪᠦᠲᠦᠭᠡᠮᠵᠢ ᠲᠠᠢ ᠪᠣᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ | ᠢᠯᠡᠳᠲᠡ ᠳᠡᠭᠡᠭᠰᠢᠯᠡᠵᠦ᠂ ᠨᠡᠶᠢᠭᠡᠮ ᠳᠠᠶᠠᠭᠠᠷ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ᠬᠤᠶᠠᠷ᠂ ᠣᠰᠤᠨ ᠤ ᠡᠬᠢ ᠰᠤᠷᠪᠤᠯᠵᠢ ᠶᠢᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ | ︵ᠨᠢᠭᠡ︶ ᠤᠰᠤ ᠠᠷᠪᠢᠯᠠᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠢᠯ ᠲᠥᠷᠥᠯ ᠬᠤᠪᠢᠶᠠᠨ | ᠤᠰᠤ ᠠᠷᠪᠢᠯᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠶᠢᠮᠠᠭ ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ ︵ᠳᠠᠭᠠᠯᠳᠤᠭᠤᠯᠤᠯ ᠳᠤ ᠨᠠᠷᠢᠨ ᠦᠵᠡᠭᠡᠷᠡᠢ︶ | ᠶᠢ ᠲᠣᠭᠲᠠᠭᠠᠵᠤ᠂ ᠡᠯ᠎ᠡ ᠠᠶᠢᠮᠠᠭ ᠬᠤᠲᠠ ᠨᠢ ᠤᠰᠤ ᠠᠷᠪᠢᠯᠠᠬᠤ ᠬᠠᠷᠠᠯᠲᠠᠲᠤ ᠡᠭᠦᠷᠭᠡ ᠪᠠᠨ ᠬᠤᠰᠢᠭᠤ ᠰᠢᠶᠠᠨ ︵ᠬᠤᠲᠠ᠂ ᠲᠣᠭᠤᠷᠢᠭ︶ ᠤᠷᠤᠭᠤ ᠢᠯᠭᠠᠨ | ᠬᠤᠪᠢᠶᠠᠷᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠵᠦᠷᠢᠶᠡᠴᠢᠯᠡᠭᠰᠡᠨ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ | ᠪᠣᠳᠠᠲᠠᠢ ᠠᠵᠢᠯ ᠲᠥᠷᠥᠯ ᠪᠠ ᠤᠰᠤ ᠬᠡᠷᠡᠭᠯᠡᠬᠦ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠨ᠂ | ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ | ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠳᠣᠷᠣᠭᠰᠢ ᠡᠯ᠎ᠡ ᠵᠦᠢᠯ ᠤᠨ ᠠᠵᠢᠯ ᠢ ᠴᠥᠮ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠦ ᠠᠰᠲᠠᠭᠠᠨ ᠵᠢᠭᠰᠠᠭᠠᠬᠤ ᠦᠭᠡᠢ︶ | ︵ᠬᠤᠶᠠᠷ︶ ᠤᠰᠤ ᠬᠡᠷᠡᠭᠯᠡᠬᠦ ᠬᠡᠮᠵᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠤᠭᠰᠠᠷᠠᠪᠠᠰᠤ ᠵᠣᠬᠢᠬᠤ ᠪᠦᠭᠦᠨ ᠳᠤ ᠨᠢ ᠪᠦᠷ ᠤᠭᠰᠠᠷᠠᠬᠤ᠂ | ᠬᠡᠮᠵᠢᠪᠡᠰᠦ ᠵᠣᠬᠢᠬᠤ ᠪᠦᠭᠦᠨ ᠢ ᠨᠢ ᠪᠦᠷ ᠬᠡᠮᠵᠢᠬᠦ︾ ᠱᠠᠭᠠᠷᠳᠠᠯᠭ᠎ᠠ ᠶᠣᠰᠣᠭᠠᠷ᠂ ᠭᠠᠵᠠᠷ ᠳᠡᠭᠡᠷᠡᠬᠢ ᠤᠰᠤ ᠪᠠᠷ ᠤᠰᠤᠯᠠᠬᠤ ᠣᠷᠣᠨ ᠤ ᠲᠦᠮᠡᠨ ᠮᠦ ᠠᠴᠠ | ᠳᠡᠭᠡᠭᠰᠢᠬᠢ ᠪᠦᠭᠦᠨ ᠳᠤ ᠰᠤᠪᠠᠭ ᠤᠨ ᠡᠬᠢᠨ ᠤ ᠤᠰᠤ ᠲᠠᠲᠠᠬᠤ ᠬᠡᠮᠵᠢᠯᠲᠡ ᠶᠢ ᠪᠦᠷᠬᠦᠭᠦᠯᠵᠦ᠂ 5 ᠲᠦᠮᠡᠨ ᠮᠦ ᠠᠴᠠ ᠳᠡᠭᠡᠭᠰᠢᠬᠢ ᠪᠦᠭᠦᠨ ᠳᠤ ᠰᠤᠪᠠᠭ ᠤᠨ | ᠡᠬᠢᠨ ᠤ ᠤᠰᠤ ᠲᠠᠲᠠᠬᠤ ᠬᠡᠮᠵᠢᠶ᠎ᠡ ᠶᠢ ᠰᠦᠯᠵᠢᠶ᠎ᠡ ᠪᠠᠷ ᠬᠡᠮᠵᠢᠬᠦ ᠶᠢ ᠪᠡᠶᠡᠯᠡᠭᠦᠯᠦᠨ᠂ ᠬᠤᠳᠳᠤᠭ ᠤᠨ ᠤᠰᠤ ᠪᠠᠷ ᠤᠰᠤᠯᠠᠬᠤ ᠣᠷᠣᠨ ᠳᠤ ︽ᠴᠠᠬᠢᠯᠭᠠᠨ ᠢᠶᠠᠷ | ᠤᠰᠤ ᠶᠢ ᠨᠤᠭᠤᠯᠤᠨ ᠪᠣᠳᠣᠬᠤ︾ ᠬᠡᠮᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠲᠠᠷᠢᠶᠠᠯᠠᠩ ᠤᠨ ᠪᠤᠰᠤ ᠬᠡᠷᠡᠭᠯᠡᠭᠴᠢ ᠶᠢᠨ ᠣᠨ ᠤ ᠵᠥᠪᠰᠢᠶᠡᠷᠡᠬᠦ ᠤᠰᠤᠨ ᠤ | ᠬᠡᠮᠵᠢᠶ᠎ᠡ ᠨᠢ 50 ᠲᠦᠮᠡᠨ ᠺᠦᠪ ᠮᠧᠲᠷ ᠠᠴᠠ ᠳᠡᠭᠡᠭᠰᠢᠬᠢ ᠭᠠᠵᠠᠷ ᠳᠡᠭᠡᠷᠡᠬᠢ ᠤᠰᠤ ᠲᠠᠲᠠᠬᠤ᠂ 5 ᠲᠦᠮᠡᠨ ᠺᠦᠪ ᠮᠧᠲᠷ ᠠᠴᠠ ᠳᠡᠭᠡᠭᠰᠢᠬᠢ ᠭᠠᠵᠠᠷ ᠳᠣᠣᠷᠠᠬᠢ | ᠤᠰᠤ ᠲᠠᠲᠠᠬᠤ ᠪᠦᠬᠦᠨ ᠳᠤ ᠰᠦᠯᠵᠢᠶ᠎ᠡ ᠪᠠᠷ ᠬᠡᠮᠵᠢᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ︶ | ︵ᠭᠤᠷᠪᠠ︶ ᠬᠢᠨᠠᠬᠤ ᠪᠠ ᠵᠥᠪᠰᠢᠶᠡᠷᠡᠬᠦ ᠶᠢ ᠬᠢᠵᠠᠭᠠᠷᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠰᠤ ᠲᠠᠲᠠᠵᠤ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ | ᠨᠢᠭᠡᠨᠲᠡ ᠤᠰᠤ ᠬᠡᠷᠡᠭᠯᠡᠬᠦ ᠶᠡᠷᠦᠩᠬᠡᠢ ᠬᠡᠮᠵᠢᠶᠡᠨ ᠤ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠳᠤ ᠬᠦᠷᠦᠭᠰᠡᠨ ᠪᠤᠶᠤ ᠬᠡᠲᠦᠷᠡᠭᠰᠡᠨ᠂ ᠭᠠᠵᠠᠷ ᠳᠣᠣᠷᠠᠬᠢ | ᠤᠰᠤᠨ ᠤ ᠬᠠᠮᠢᠶᠠᠷᠤᠯᠲᠠ ᠶᠢᠨ ᠨᠢᠭᠡᠴᠢ ᠶᠢᠨ ᠭᠦᠢᠴᠡᠳᠬᠡᠯ ᠲᠤᠭ᠎ᠠ ᠨᠢ ᠬᠢᠷᠢ ᠲᠡᠩᠴᠡᠬᠦ ᠦᠭᠡᠢ ᠭᠠᠵᠠᠷ ᠣᠷᠣᠨ ᠳᠤ ᠪᠣᠯ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠤᠶᠤ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠲᠤ ᠤᠰᠤ ᠨᠥᠬᠦᠪᠦᠷᠢᠯᠡᠬᠦ ᠵᠡᠷᠭᠡ ᠣᠨᠴᠠᠭᠠᠢ | ᠪᠠᠶᠢᠳᠠᠯ ᠠᠴᠠ ᠭᠠᠳᠠᠨ᠎ᠠ᠂ ᠲᠤᠰ ᠭᠠᠵᠠᠷ ᠣᠷᠣᠨ ᠤ ᠰᠢᠨ᠎ᠡ ᠪᠠᠷ ᠨᠡᠮᠡᠭᠳᠡᠬᠦ ᠤᠰᠤ ᠲᠠᠲᠠᠵᠤ ᠬᠡᠷᠡᠭᠯᠡᠬᠦ ᠶᠢᠨ ᠬᠢᠨᠠᠨ ᠵᠥᠪᠰᠢᠶᠡᠷᠡᠯ ᠢ ᠲᠦᠷ ᠵᠣᠭᠰᠣᠭᠠᠨ᠎ᠠ᠃ ᠡᠯ᠎ᠡ | ᠠᠶᠢᠮᠠᠭ ᠬᠤᠲᠠ ᠨᠢ ᠢᠳᠡᠪᠬᠢᠲᠡᠢ ᠪᠠᠷ ᠤᠰᠤ ᠠᠷᠪᠢᠯᠠᠵᠤ ᠤᠰᠤ ᠬᠡᠷᠡᠭᠯᠡᠬᠦ ᠶᠢ ᠬᠢᠵᠠᠭᠠᠷᠯᠠᠬᠤ᠂ ᠤᠰᠤᠨ ᠤ ᠡᠬᠢ ᠰᠤᠷᠪᠤᠯᠵᠢ ᠶᠢ ᠰᠣᠯᠢᠵᠤ ᠬᠡᠷᠡᠭᠯᠡᠬᠦ ᠵᠡᠷᠭᠡ ᠠᠷᠭ᠎ᠠ | ᠬᠡᠮᠵᠢᠶ᠎ᠡ ᠠᠪᠴᠤ ᠪᠠᠶᠢᠭᠠᠳ ᠤᠰᠤ ᠬᠡᠷᠡᠭᠯᠡᠬᠦ ᠬᠡᠮᠵᠢᠶ᠎ᠡ ᠪᠠᠨ ᠪᠠᠭᠠᠰᠬᠠᠭᠠᠳ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ ᠤ ᠬᠡᠪᠴᠢᠶᠡᠨ ᠳᠤ ᠬᠦᠷᠭᠡᠬᠦ ᠬᠡᠷᠡᠭᠲᠡᠢ᠃ | ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ᠭᠤᠷᠪᠠ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠲᠣᠪᠤᠶᠢᠯᠭᠠᠨ ᠰᠠᠶᠢᠲᠤᠷ ᠠᠳᠬᠤᠨ᠎ᠠ | ︵ᠨᠢᠭᠡ︶ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠤᠰᠤᠨ ᠰᠤᠪᠠᠭ ᠢ ᠳᠣᠲᠣᠷᠯᠠᠵᠤ ᠬᠠᠮᠠᠭᠠᠯᠠᠭᠰᠠᠨ ᠤᠰᠤᠯᠠᠯᠲᠠ ᠶᠢᠨ ᠢᠨᠵᠧᠨᠧᠷᠢᠩ ᠢ | 37 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 350 ᠲᠦᠮᠡᠨ ᠮᠦ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠂ ᠡᠭᠦᠨ ᠳᠤ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ | ᠰᠢᠨ᠎ᠡ ᠪᠠᠷ ᠪᠠᠶᠢᠭᠤᠯᠵᠤ᠂ ᠳᠠᠮᠵᠢᠭᠤᠯᠬᠤ ᠬᠤᠭᠤᠯᠠᠢ ᠪᠠᠷ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠬᠤᠪᠢᠷᠠᠭᠤᠯᠬᠤ ᠵᠡᠷᠭᠡ ᠥᠭᠡᠷᠡᠴᠢᠯᠡᠵᠦ | ᠰᠠᠶᠢᠵᠢᠷᠠᠭᠤᠯᠬᠤ ᠢᠨᠵᠧᠨᠧᠷᠢᠩ ᠢ 150 ᠲᠦᠮᠡᠨ ᠮᠦ ᠬᠡᠷᠡᠭᠵᠢᠭᠦᠯᠦᠨ᠎ᠡ︔ ᠪᠣᠷᠣᠳᠣᠬᠤᠢ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ | ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠪᠣᠯᠭᠠᠨ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠵᠤ᠂ 35 | ᠲᠦᠮᠡᠨ ᠮᠦ ᠠᠴᠠ ᠳᠡᠭᠡᠭᠰᠢᠬᠢ ᠤᠰᠤᠯᠠᠯᠲᠠ ᠶᠢᠨ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.5 | ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ︵ᠬᠤᠶᠠᠷ︶ ᠲᠠᠷᠢᠶᠠᠯᠠᠩ ᠤᠨ ᠮᠡᠷᠭᠡᠰᠢᠯ ᠤᠨ ᠤᠰᠤ ᠠᠷᠪᠢᠯᠠᠬᠤ ᠮᠡᠷᠭᠡᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠠᠷᠢᠮᠠᠯ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 37.6 ᠲᠦᠮᠡᠨ ᠮᠦ ᠪᠠᠭᠠᠰᠬᠠᠵᠤ᠂ ᠭᠠᠩ ᠢ ᠳᠠᠭᠠᠭᠠᠬᠤ ᠦᠷ᠎ᠡ ᠡᠭᠦᠯᠳᠡᠷ᠂ | ᠪᠦᠷᠬᠦᠭᠦᠯᠵᠦ ᠴᠢᠭᠢᠭ ᠬᠠᠮᠠᠭᠠᠯᠠᠬᠤ᠂ ᠭᠠᠩ ᠢ ᠳᠠᠭᠠᠭᠠᠵᠤ ᠤᠰᠤ ᠪᠠᠲᠤᠯᠠᠬᠤ ᠰᠢᠨ᠎ᠡ ᠮᠠᠲ᠋ᠧᠷᠢᠶᠠᠯ ᠵᠡᠷᠭᠡ ᠢᠵᠢ ᠪᠦᠷᠢᠳᠦᠭᠦᠯᠦᠭᠰᠡᠨ ᠭᠠᠩ ᠲᠠᠢ ᠲᠡᠮᠡᠴᠡᠬᠦ ᠮᠡᠷᠭᠡᠵᠢᠯ ᠢ | 93.5 ᠲᠦᠮᠡᠨ ᠮᠦ ᠳᠡᠯᠭᠡᠷᠡᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠬᠤᠰᠢᠭᠤ ᠰᠢᠶᠠᠨ ︵ᠬᠤᠲᠠ᠂ | ᠲᠣᠭᠤᠷᠢᠭ︶ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠴᠢᠳᠠᠪᠤᠷᠢ ᠶᠢ 0.2 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ︵ᠭᠤᠷᠪᠠ︶ ︽ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠭᠦᠨᠵᠡᠭᠡᠢ ᠰᠢᠢᠳᠪᠦᠷᠢᠯᠡᠨ᠎ᠡ᠃ ᠨᠠᠮᠤᠷ ᠤᠨ ᠤᠰᠤᠯᠠᠯᠲᠠ ᠪᠠ ᠬᠠᠪᠤᠷ ᠤᠨ | ᠤᠰᠤᠵᠢᠭᠤᠯᠤᠯᠲᠠ ᠶᠢᠨ ᠭᠦᠪᠦᠷᠡᠯ ᠤᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ | ᠂ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠤᠰᠤᠨ ᠤ ᠬᠤᠷᠣᠭᠳᠠᠯ ᠤᠨ | ᠬᠡᠮᠵᠢᠶ᠎ᠡ ᠶᠢ 10 ᠳ᠋ᠦᠩᠰᠢᠭᠤᠷ ᠺᠦᠪ ᠮᠧᠲᠷ ᠣᠷᠴᠢᠮ ᠳᠤ ᠬᠢᠵᠠᠭᠠᠷᠯᠠᠵᠤ᠂ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠪᠤᠰᠤᠳ ᠤᠰᠤᠯᠠᠯᠲᠠ ᠶᠢᠨ | ᠣᠷᠣᠨ ᠤ ᠭᠦᠪᠦᠷᠡᠯ ᠤᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ 20% ᠠᠴᠠ ᠳᠡᠭᠡᠭᠰᠢ ᠪᠠᠭᠠᠰᠬᠠᠨ᠎ᠠ᠃ ︵ᠬᠠᠷᠢᠭᠤᠴᠠᠯᠭᠠᠲᠤ | ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ︵ᠳᠥᠷᠪᠡ︶ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠢᠭᠡᠨᠲᠡ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ 4969 ᠲᠦᠮᠡᠨ ᠮᠦ ᠳᠤ ︽ᠪᠤᠴᠠᠵᠤ ᠪᠠᠶᠢᠴᠠᠭᠠᠨ | ᠦᠵᠡᠬᠦ︾ ᠠᠵᠢᠯ ᠢ ᠥᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ ᠶᠢ ᠳᠠᠬᠢᠭᠠᠳ 1000 | ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠺᠦᠪ ᠮᠧᠲᠷ ᠢᠶᠠᠷ ᠰᠦᠢᠳᠬᠡᠯ ᠬᠤᠷᠢᠶᠠᠬᠤ᠂ ᠬᠡᠲᠦᠷᠡᠲᠡᠯ᠎ᠡ ᠬᠡᠷᠡᠭᠯᠡᠭᠰᠡᠨ ᠪᠣᠯ ᠦᠨ᠎ᠡ ᠥᠰᠬᠡᠬᠦ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠦᠨ᠎ᠡ ᠥᠰᠬᠡᠵᠦ ᠬᠤᠷᠢᠶᠠᠭᠰᠠᠨ ᠰᠦᠢᠳᠬᠡᠯ ᠢ ᠭᠤᠣᠯᠳᠠᠭᠤ ᠲᠠᠷᠢᠶᠠᠯᠠᠩ ᠤᠨ ᠤᠰᠤ ᠠᠷᠪᠢᠯᠠᠬᠤ ᠪᠠᠷᠢᠯᠭ᠎ᠠ ᠶᠢ ᠥᠭᠡᠷᠡᠴᠢᠯᠡᠨ | ᠰᠢᠨᠡᠳᠬᠡᠬᠦ ᠪᠠ ᠤᠰᠤ ᠠᠷᠪᠢᠯᠠᠭᠰᠠᠨ ᠢ ᠱᠠᠩᠨᠠᠵᠤ ᠨᠥᠬᠦᠪᠦᠷᠢᠯᠡᠬᠦ ᠳᠤ ᠬᠡᠷᠡᠭᠯᠡᠨ᠎ᠡ᠃ ᠤᠰᠤᠯᠠᠯᠲᠠ ᠶᠢᠨ ᠣᠷᠣᠨ ᠳᠠᠬᠢ ᠲᠠᠷᠢᠶᠠᠯᠠᠬᠤ ᠡᠷᠦᠬᠡ ᠶᠢᠨ ᠬᠤᠭᠤᠷᠣᠨᠳᠤ | ᠤᠰᠤᠨ ᠤ ᠡᠷᠬᠡ ᠶᠢ ᠠᠷᠠᠯᠵᠢᠶᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ᠳᠥᠷᠪᠡ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯ ᠢ ᠲᠦᠷᠭᠡᠳᠬᠡᠨ ᠠᠬᠢᠭᠤᠯᠤᠨ᠎ᠠ | ︵ᠨᠢᠭᠡ︶ ᠡᠨᠧᠷᠭᠢ ᠶᠢᠨ ᠬᠦᠷᠢᠶ᠎ᠡ ᠴᠠᠷᠠᠭᠠᠨ ᠳᠠᠬᠢ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠤᠨ᠎ᠠ᠃ ᠢᠯᠴᠢ ᠶᠢᠨ | ᠴᠠᠬᠢᠯᠭᠠᠨ ᠤ ᠮᠠᠰᠢᠨ ᠪᠦᠯᠦᠭ ᠢ ᠡᠬᠢ ᠢᠷᠡᠯᠲᠡ ᠠᠴᠠ ᠨᠢ ᠬᠠᠮᠢᠶᠠᠷᠬᠤ ᠪᠠᠨ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠨᠡᠭᠦᠷᠡᠰᠦ ᠴᠠᠬᠢᠯᠭᠠᠨ ᠤ ᠲᠥᠷᠥᠯ | ᠵᠦᠢᠯ ᠤᠨ ᠤᠰᠤ ᠠᠷᠪᠢᠯᠠᠬᠤ ᠲᠠᠯ᠎ᠠ ᠳᠤ ᠲᠥᠯᠥᠪᠵᠢᠭᠦᠯᠦᠨ ᠬᠢᠵᠠᠭᠠᠷᠯᠠᠬᠤ ᠪᠠᠨ ᠴᠢᠩᠭᠠᠷᠠᠭᠤᠯᠤᠨ᠎ᠠ᠃ ᠨᠢᠭᠡᠨᠲᠡ ᠪᠠᠶᠢᠭ᠎ᠠ ᠢᠯᠴᠢ ᠶᠢᠨ ᠴᠠᠬᠢᠯᠭᠠᠨ ᠤ ᠠᠵᠤ | ᠠᠬᠤᠶᠢᠯᠠᠯ ᠢ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠠᠬᠢᠭᠤᠯᠵᠤ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ | ᠣᠷᠳᠣᠰ ᠬᠤᠲᠠ ᠵᠡᠷᠭᠡ ᠶᠢᠨ ᠬᠡᠷᠡᠭᠯᠡᠭᠡᠨ ᠳᠤ ᠪᠠᠶᠢᠭ᠎ᠠ ᠢᠯᠴᠢ ᠶᠢᠨ ᠴᠠᠬᠢᠯᠭᠠᠨ ᠤ ᠮᠠᠰᠢᠨ ᠪᠦᠯᠦᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠡᠯᠢᠶᠡᠳ ᠶᠡᠭᠡ᠂ | ᠬᠠᠭᠤᠴᠢᠨ ᠮᠠᠰᠢᠨ ᠪᠦᠯᠦᠭ ᠨᠡᠯᠢᠶᠡᠳ ᠣᠯᠠᠨ ᠣᠷᠣᠨ ᠪᠦᠰᠡ ᠳᠤ ᠨᠢᠭᠡ ᠪᠦᠯᠦᠭ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ | ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠨᠡᠭᠦᠷᠡᠰᠦ ᠪᠠᠷ ᠴᠢᠯᠠᠭᠤᠨ ᠲᠣᠰᠣ ᠰᠢᠲᠠᠮᠠᠬᠠᠢ ᠬᠡᠢ ᠦᠢᠯᠡᠳᠬᠦ᠂ ᠴᠢᠯᠠᠭᠤᠨ ᠲᠣᠰᠣ ᠨᠡᠭᠡᠭᠡᠨ ᠮᠠᠯᠲᠠᠬᠤ ᠪᠠ | ᠪᠣᠯᠪᠠᠰᠤᠷᠠᠭᠤᠯᠤᠨ ᠦᠢᠯᠡᠳᠬᠦ ᠠᠵᠢᠯ ᠲᠦᠷᠦᠯ ᠳᠤ ᠳᠠᠬᠢᠯᠲᠠ ᠤᠰᠤ ᠪᠠᠷ ᠰᠣᠯᠢᠵᠤ ᠬᠡᠷᠡᠭᠯᠡᠬᠦ ᠪᠠ ᠬᠠᠶᠠᠭᠳᠠᠮᠠᠯ ᠤᠰᠤ ᠶᠢ ᠤᠷᠴᠢᠯᠳᠤᠭᠤᠯᠤᠨ ᠠᠰᠢᠭᠯᠠᠬᠤ ᠪᠣᠯᠭᠠᠨ | ᠥᠭᠡᠷᠡᠴᠢᠯᠡᠬᠦ ᠠᠵᠢᠯ ᠢ ᠠᠬᠢᠭᠤᠯᠤᠨ ᠬᠡᠷᠡᠭᠵᠢᠭᠦᠯᠵᠦ᠂ ᠠᠵᠢᠯ ᠲᠦᠷᠦᠯ ᠤᠨ ᠬᠢᠨ ᠤ ᠤᠰᠤ ᠠᠷᠪᠢᠯᠠᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠴᠢᠳᠠᠪᠤᠷᠢ ᠶᠢ 200 ᠲᠦᠮᠡᠨ ᠺᠦᠪ ᠮᠧᠲᠷ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ︶ | ︵ᠬᠤᠶᠠᠷ︶ ᠪᠤᠰᠤᠳ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠴᠢᠯᠡᠯᠲᠡ ᠶᠢ ᠠᠬᠢᠭᠤᠯᠤᠨ᠎ᠠ᠃ | ᠲᠡᠷᠢᠭᠦᠨ ᠤ ᠪᠣᠯᠪᠠᠰᠤᠷᠠᠩᠭᠤᠢ ᠬᠡᠷᠡᠭᠯᠡᠬᠦ ᠳᠤ ᠲᠣᠬᠢᠷᠠᠮᠵᠢᠲᠠᠢ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠪᠠ ᠦᠢᠯᠡᠳᠬᠦᠨ ᠢ ᠴᠤᠭᠯᠠᠭᠤᠯᠤᠨ | ᠳᠡᠯᠭᠡᠷᠡᠭᠦᠯᠵᠦ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠷᠢᠭᠦᠨ ᠤ ᠮᠡᠷᠭᠡᠵᠢᠯ ᠤᠨ ᠳᠡᠯᠭᠡᠷᠡᠭᠦᠯᠬᠦ | ᠭᠠᠷᠴᠠᠭ ᠢ ᠨᠡᠶᠢᠲᠡᠯᠡᠨ᠎ᠡ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭᠠᠨ ᠳᠤ ᠬᠤᠭᠤᠯᠠᠢ ᠭᠤᠤᠷᠰᠤ ᠶᠢᠨ | ᠲᠣᠣᠷ ᠢ ᠥᠭᠡᠷᠡᠴᠢᠯᠡᠨ ᠰᠢᠨᠡᠳᠬᠡᠬᠦ᠂ ᠭᠠᠷ ᠤᠷᠠᠯᠠᠯ ᠢ ᠳᠡᠰ ᠳᠡᠪᠰᠢᠭᠦᠯᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ | ᠰᠢᠨᠡᠳᠬᠡᠬᠦ ᠲᠥᠷᠥᠯ ᠵᠦᠢᠯ ᠢ 22 ᠠᠬᠢᠭᠤᠯᠤᠨ ᠪᠡᠶᠡᠯᠡᠭᠦᠯᠵᠦ᠂ ᠤᠰᠤ ᠠᠷᠪᠢᠯᠠᠭᠰᠠᠨ ᠬᠡᠮᠵᠢᠶ᠎ᠡ ᠶᠢ 213 ᠲᠦᠮᠡᠨ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ | ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠤᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠣᠬᠢᠷ ᠤᠰᠤ ᠶᠢ ᠬᠤᠷᠢᠶᠠᠨ ᠴᠤᠭᠯᠠᠭᠤᠯᠵᠤ᠂ ᠰᠠᠯᠭᠠᠨ ᠶᠠᠪᠤᠭᠤᠯᠬᠤ ᠬᠤᠭᠤᠯᠠᠢ ᠭᠤᠤᠷᠰᠤ ᠶᠢᠨ ᠲᠣᠣᠷ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ | ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠬᠡᠷᠡᠭᠯᠡᠬᠦ ᠤᠰᠤᠨ ᠤ ᠳᠠᠬᠢᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ | ︵ᠭᠤᠷᠪᠠ︶ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠬᠦᠯᠬᠦ ᠪᠠᠨ ᠠᠬᠢᠭᠤᠯᠤᠨ᠎ᠠ᠃ ᠦᠬᠠᠢ ᠬᠤᠲᠠ ᠶᠢᠨ | ᠤᠯᠤᠰ ᠤᠨ ᠲᠠᠰ ᠤᠨ ᠤᠰᠤᠨ ᠤ ᠲᠥᠰᠥᠪ ᠤᠨ ᠬᠠᠮᠢᠶᠠᠷᠤᠯᠲᠠ ᠶᠢᠨ ᠲᠤᠷᠰᠢᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠦᠢᠯᠡᠳᠪᠦᠷᠢ ᠶᠢᠨ ᠤᠰᠤᠨ ᠤ ᠲᠥᠰᠥᠪ ᠤᠨ ᠬᠠᠮᠢᠶᠠᠷᠤᠯᠲᠠ ᠶᠢᠨ ᠲᠤᠷᠰᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠣᠯᠣᠳ ᠲᠡᠮᠦᠷ᠂ ᠥᠩᠭᠡᠲᠦ | ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠤ ᠵᠦᠢᠯ ᠪᠠ ᠢᠰᠬᠡᠯᠲᠡ ᠵᠡᠷᠭᠡ ᠭᠤᠣᠯᠳᠠᠯᠭ᠎ᠠ ᠲᠠᠢ ᠤᠰᠤ ᠬᠡᠷᠡᠭᠯᠡᠬᠦ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠬᠠᠨᠳᠤᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ 80᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ | ᠠᠬᠤᠶᠢᠯᠠᠯ ᠢ 7᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ 3 ᠡᠭᠦᠳᠦᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ | ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠦᠨᠡᠯᠡᠬᠦ 5 ᠵᠦᠢᠯ ᠤᠨ ᠬᠠᠮᠢᠶ᠎ᠠ ᠪᠦᠬᠦᠢ | ᠪᠠᠷᠢᠮᠵᠢᠶ᠎ᠠ ᠶᠢ ᠨᠡᠶᠢᠲᠡᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ᠲᠠᠪᠤ᠂ ᠬᠤᠲᠠ ᠬᠥᠳᠡᠭᠡ ᠶᠢᠨ ᠤᠰᠤ ᠠᠷᠪᠢᠯᠠᠨ ᠭᠠᠮᠨᠠᠬᠤ ᠶᠢ ᠠᠬᠢᠭᠤᠯᠤᠨ᠎ᠠ | ︵ᠨᠢᠭᠡ︶ ᠬᠤᠲᠠ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠪᠠᠭᠠᠰᠬᠠᠨ᠎ᠠ᠃ ᠣᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠯᠡᠪᠡᠷᠡᠵᠦ ᠡᠪᠳᠡᠷᠡᠭᠰᠡᠨ ᠪᠠᠶᠢᠳᠠᠯ ᠶᠡᠬᠡᠲᠡᠢ | ᠭᠠᠵᠠᠷ ᠣᠷᠣᠨ ᠳᠤ ᠠᠩᠬᠠᠷᠤᠯ ᠢᠶᠠᠨ ᠬᠠᠨᠳᠤᠭᠤᠯᠵᠤ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ 400 ᠺᠢᠯᠣᠮᠧᠲᠷ ᠠᠴᠠ | ᠳᠡᠭᠡᠭᠰᠢ ᠥᠭᠡᠷᠡᠴᠢᠯᠡᠨ ᠰᠢᠨᠡᠳᠬᠡᠨ᠎ᠡ︔ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠰᠢᠨᠡᠳᠬᠡᠨ | ᠲᠡᠭᠦᠯᠳᠡᠷᠵᠢᠭᠦᠯᠵᠦ᠂ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠲᠣᠭᠤᠷᠢᠭ ᠬᠤᠪᠢᠶᠠᠨ ᠬᠡᠮᠵᠢᠬᠦ ᠬᠠᠮᠢᠶᠠᠷᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠪᠠ ᠯᠡᠪᠡᠷᠡᠵᠦ ᠡᠪᠳᠡᠷᠡᠬᠦ ᠶᠢ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ | ᠬᠤᠲᠠ ᠶᠢᠨ ᠰᠢᠨᠡᠴᠢᠯᠡᠯᠲᠡ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ ᠤ ᠬᠤᠭᠤᠯᠠᠢ | ᠭᠤᠤᠷᠰᠤ ᠪᠠ ᠬᠤᠶᠠᠳᠠᠭᠢ ᠤᠳᠠᠭᠠᠨ ᠤ ᠤᠰᠤ ᠬᠠᠩᠭᠠᠬᠤ ᠪᠡᠯᠡᠳᠬᠡᠮᠵᠢ ᠶᠢ ᠰᠢᠨᠡᠳᠬᠡᠨ᠎ᠡ᠃ ᠪᠤᠭᠤᠲᠤ ᠬᠤᠲᠠ᠂ ᠤᠯᠠᠭᠠᠨᠬᠠᠳᠠ ᠬᠤᠲᠠ ᠶᠢ ᠤᠯᠤᠰ ᠤᠨ ᠣᠯᠠᠨ | ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠵᠠᠰᠠᠬᠤ ᠭᠤᠣᠯᠳᠠᠯᠭ᠎ᠠ ᠲᠠᠢ ᠬᠤᠲᠠ ᠪᠣᠯᠭᠠᠨ ᠪᠦᠲᠦᠭᠡᠨ | ᠪᠠᠶᠢᠭᠤᠯᠬᠤ ᠪᠠᠨ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ︶ | ︵ᠬᠤᠶᠠᠷ︶ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ | ᠦᠨᠡᠯᠡᠯᠲᠡ ᠶᠢᠨ ᠠᠵᠢᠯ ᠢ ᠥᠷᠨᠢᠭᠦᠯᠵᠦ᠂ ᠪᠤᠭᠤᠲᠤ ᠬᠤᠲᠠ ᠶᠢᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠ ᠦᠬᠠᠢ ᠬᠤᠲᠠ | ᠵᠡᠷᠭᠡ 5 ᠬᠤᠲᠠ ᠶᠢ ᠴᠥᠮ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠦᠨᠡᠯᠡᠯᠲᠡ ᠶᠢᠨ ᠪᠠᠷᠢᠮᠵᠢᠶ᠎ᠠ ᠳᠤ ᠬᠦᠷᠭᠡᠬᠦ ᠪᠠᠷ ᠠᠬᠢᠭᠤᠯᠤᠨ᠎ᠠ᠃ | ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ ᠤᠰᠤ ᠲᠣᠭᠲᠠᠭᠠᠬᠤ ᠤᠰᠤ | ᠨᠡᠪᠴᠢᠭᠦᠯᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠤᠷ᠎ᠠ ᠤᠰᠤᠨ ᠤ ᠡᠬᠢ ᠪᠠᠶᠠᠯᠢᠭ ᠢ ᠲᠤᠬᠠᠢ ᠶᠢᠨ ᠭᠠᠵᠠᠷ ᠲᠤ ᠨᠢ ᠰᠢᠩᠭᠡᠬᠡᠨ ᠠᠪᠴᠤ | ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠥᠬᠡᠬᠤᠲᠠ ᠨᠢ ᠤᠯᠤᠰ ᠤᠨ ᠬᠠᠶᠢᠮᠢᠶᠠᠨ ᠬᠤᠲᠠ ᠶᠢᠨ ᠵᠢᠱᠢᠶ᠎ᠡ ᠦᠵᠡᠬᠦᠯᠬᠦ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ︶ | ︵ᠭᠤᠷᠪᠠ︶ ᠤᠰᠤᠨ ᠤ ᠬᠤᠷᠣᠭᠳᠠᠯ ᠶᠡᠭᠡ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤ ᠶᠢ ᠴᠢᠩᠭ᠎ᠠ | ᠬᠢᠵᠠᠭᠠᠷᠯᠠᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠢᠮᠡᠯ ᠴᠠᠰᠤᠨ ᠴᠡᠨᠡᠯᠡᠯᠲᠡ ᠶᠢᠨ ᠲᠠᠯᠠᠪᠠᠢ ᠵᠡᠷᠭᠡ ᠠᠵᠢᠯ ᠲᠦᠷᠦᠯ ᠤᠨ ᠲᠥᠯᠥᠪᠯᠡᠭᠡ ᠲᠠᠢ ᠪᠠᠷ ᠤᠰᠤ | ᠬᠡᠷᠡᠭᠯᠡᠵᠦ ᠬᠠᠮᠢᠶᠠᠷᠤᠯᠲᠠ ᠬᠢᠬᠦ ᠶᠢ ᠴᠢᠩᠭ᠎ᠠ ᠡᠵᠡᠮᠳᠡᠵᠦ᠂ ᠲᠣᠭᠲᠠᠭᠰᠠᠨ ᠬᠡᠮᠵᠢᠶ᠎ᠡ ︵ᠲᠥᠯᠥᠪᠯᠡᠭᠡ ᠠᠴᠠ ᠬᠡᠲᠦᠷᠡᠭᠰᠡᠨ︶ ᠠᠴᠠ ᠬᠡᠲᠦᠷᠡᠪᠡᠯ ᠠᠬᠢᠭᠤᠯᠤᠨ ᠪᠣᠳᠣᠵᠤ | ᠦᠨ᠎ᠡ ᠥᠰᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤᠨ ᠤ ᠬᠤᠷᠣᠭᠳᠠᠯ ᠶᠡᠭᠡ ᠦᠢᠯᠡᠴᠢᠯᠡᠭᠡᠨ ᠤ ᠦᠢᠯᠡᠰ ᠤᠨ ᠳᠠᠬᠢᠯᠲᠠ ᠤᠰᠤ ᠶᠢ ᠠᠰᠢᠭᠯᠠᠬᠤ | ᠬᠠᠷᠢᠴᠠᠯ ᠢ ᠨᠢ ᠨᠡᠮᠡᠭᠳᠡᠭᠦᠯᠦᠨ᠎ᠡ᠃ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠲᠠ᠂ ᠪᠠᠷᠢᠯᠭ᠎ᠠ ᠶᠢᠨ ᠠᠵᠢᠯ ᠵᠡᠷᠭᠡ ᠠᠵᠢᠯ ᠲᠥᠷᠥᠯ ᠤᠨ | ᠤᠰᠤ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠵᠠᠮ ᠭᠤᠳᠤᠰ ᠪᠠ ᠪᠠᠷᠢᠯᠭ᠎ᠠ ᠶᠢᠨ ᠭᠠᠵᠠᠷ ᠲᠦᠭᠡᠭᠡᠯ ᠤᠰᠤ ᠶᠢ ᠰᠠᠴᠤᠵᠤ ᠲᠣᠭᠤᠰᠣ ᠳᠠᠷᠤᠬᠤ ᠶᠢ | ᠴᠠᠭᠠᠵᠠᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠲᠠᠷᠢᠶᠠᠯᠠᠬᠤ ᠮᠠᠯᠵᠢᠬᠤ ᠣᠷᠣᠨ ᠳᠤ | ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠦᠭᠡᠭᠡᠯ ᠤᠰᠤᠨ ᠤ ᠲᠦᠭᠡᠮᠡᠯᠵᠢᠭᠦᠯᠦᠭᠰᠡᠨ | ᠨᠣᠷᠮ᠎ᠠ ᠶᠢ 85% ᠬᠦᠷᠲᠡᠯ᠎ᠡ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠳᠤ ᠲᠥᠪᠯᠡᠷᠡᠭᠦᠯᠦᠨ ᠤᠰᠤ ᠬᠠᠩᠭᠠᠬᠤ ᠳᠤ ᠺᠦᠪ ᠮᠧᠲᠷ ᠢᠶᠠᠷ ᠬᠡᠮᠵᠢᠨ | ᠪᠣᠳᠣᠵᠤ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠪᠠᠨ ᠲᠦᠷᠭᠡᠳᠬᠡᠨ᠂ ︽ᠮᠢᠩᠭᠠᠨ | ᠬᠥᠮᠥᠨ ᠠᠴᠠ ᠳᠡᠭᠡᠭᠰᠢᠬᠢ︾ ᠵᠢᠴᠢ ᠤᠰᠤ ᠬᠠᠩᠭᠠᠬᠤ ᠲᠠᠯ᠎ᠠ ᠪᠠᠷ ᠬᠦᠷᠦᠯᠴᠡᠬᠦ ᠦᠭᠡᠢ ᠠᠰᠠᠭᠤᠳᠠᠯ ᠢ ᠨᠠᠮᠳᠠᠭᠠᠨ ᠰᠢᠢᠳᠪᠦᠷᠢᠯᠡᠬᠦ ᠢᠨᠵᠧᠨᠧᠷᠢᠩ ᠳᠤ ᠪᠣᠯ | ᠲᠣᠰᠬᠤᠨ ᠤ ᠵᠠᠬ᠎ᠠ ᠪᠠ ᠡᠷᠦᠬᠡ ᠳᠤ ᠬᠡᠮᠵᠢᠬᠦ ᠶᠢ ᠪᠦᠷᠢᠨ ᠪᠦᠷᠬᠦᠭᠦᠯᠵᠦ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ | ᠢᠨᠵᠧᠨᠧᠷᠢᠩ ᠤᠨ ᠡᠷᠦᠬᠡ ᠳᠤ ᠬᠡᠮᠵᠢᠬᠦ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠠᠰᠢᠶᠠᠨ ᠤ | ᠤᠰᠤᠯᠠᠯᠲᠠ ᠪᠠ ᠲᠡᠵᠢᠭᠡᠨ ᠦᠷᠡᠵᠢᠭᠦᠯᠬᠦ ᠳᠤ ᠤᠰᠤ ᠬᠡᠷᠡᠭᠯᠡᠭᠰᠡᠨ ᠠᠴᠠ ᠪᠣᠯᠵᠤ ᠲᠠᠷᠢᠶᠠᠴᠢᠨ ᠮᠠᠯᠴᠢᠳ ᠤᠰᠤ ᠤᠤᠭᠤᠬᠤ ᠳᠤ ᠬᠦᠴᠢᠷᠲᠡᠢ ᠪᠣᠯᠤᠭᠰᠠᠨ ᠪᠠᠶᠢᠪᠠᠯ᠂ | ᠬᠠᠮᠢᠶ᠎ᠠ ᠪᠦᠬᠦᠢ ᠭᠠᠵᠠᠷ ᠣᠷᠣᠨ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠤᠷᠢᠳ ᠢᠶᠠᠷ ᠲᠠᠷᠢᠶᠠᠴᠢᠨ ᠮᠠᠯᠴᠢᠳ ᠤᠨ ᠤᠤᠭᠤᠬᠤ | ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | ︵ᠲᠠᠪᠤ︶ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠰᠤᠷᠪᠤᠯᠵᠢ ᠶᠢᠨ ᠭᠠᠵᠠᠷ ᠤᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ | ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠨ᠎ᠠ᠃ ᠬᠤᠲᠠ | ᠬᠥᠳᠡᠭᠡ ᠶᠢᠨ ᠤᠰᠤ ᠬᠠᠩᠭᠠᠬᠤ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠦᠨ᠂ ᠰᠢᠢᠳᠪᠦᠷᠢᠯᠡᠬᠦ ᠤᠷ᠎ᠠ ᠮᠡᠷᠭᠡᠰᠢᠯ | ᠲᠡᠭᠦᠯᠳᠡᠷ ᠪᠤᠰᠤ᠂ ᠠᠷᠢᠭᠤᠳᠬᠠᠬᠤ ᠪᠡᠯᠡᠳᠬᠡᠮᠵᠢ ᠪᠦᠷᠢᠨ ᠪᠤᠰᠤ᠂ ᠦᠢᠯᠡᠳᠪᠦᠷᠢ ᠠᠴᠠ ᠭᠠᠷᠬᠤ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠢ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠰᠢᠨᠵᠢᠬᠦ ᠪᠠᠨ ᠴᠢᠩᠭᠠᠳᠬᠠᠨ᠂ ᠦᠵᠦᠭᠦᠷ ᠤᠨ ᠬᠡᠷᠡᠭᠯᠡᠭᠴᠢᠳ ᠤᠨ | ᠬᠤᠶᠠᠳᠠᠭᠢ ᠤᠳᠠᠭ᠎ᠠ ᠤᠰᠤ ᠴᠡᠪᠡᠷᠰᠢᠭᠦᠯᠬᠦ ᠦᠵᠡᠭᠳᠡᠯ ᠢ ᠪᠠᠭᠠᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ︵ᠵᠢᠷᠭᠤᠭ᠎ᠠ︶ ᠬᠤᠲᠠ ᠬᠥᠳᠡᠭᠡ ᠶᠢᠨ ᠤᠰᠤ ᠬᠡᠷᠡᠭᠯᠡᠬᠦ ᠦᠨ᠎ᠡ ᠬᠠᠩᠰᠢ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ ᠶᠢᠨ ᠳᠦᠷᠢᠮ ᠢ ᠲᠡᠭᠦᠯᠳᠡᠷᠵᠢᠭᠦᠯᠵᠦ᠂ ᠱᠠᠲᠤᠯᠢᠭ ᠤᠰᠤᠨ ᠤ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ᠂ | ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠤ ᠤᠰᠤᠨ ᠤ ᠦᠨ᠎ᠡ ᠬᠠᠩᠰᠢ ᠶᠢᠨ ᠵᠥᠷᠢᠶ᠎ᠡ ᠶᠢ ᠵᠣᠬᠢᠰᠲᠠᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠤᠰᠤ | ᠬᠡᠷᠡᠭᠯᠡᠭᠰᠡᠨ ᠱᠠᠲᠤᠯᠢᠭ ᠦᠨ᠎ᠡ ᠬᠠᠩᠰᠢ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢᠨ ᠬᠠᠮᠲᠤ ᠲᠡᠭᠦᠨ ᠳᠤ | ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠭᠰᠡᠨ ᠨᠢ ᠲᠣᠭᠲᠠᠭᠰᠠᠨ ᠬᠡᠮᠵᠢᠶ᠎ᠡ ︵ | ᠲᠥᠯᠥᠪᠯᠡᠭᠡ ᠠᠴᠠ ᠬᠡᠲᠦᠷᠡᠭᠰᠡᠨ︶ ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ ᠢ ᠪᠦᠷᠢᠨᠰᠢᠭᠦᠯᠵᠦ᠂ ᠤᠰᠤ ᠬᠡᠷᠡᠭᠯᠡᠬᠦ ᠬᠡᠮ ᠬᠡᠮᠵᠢᠶ᠎ᠡ ᠶᠢ | ᠱᠠᠲᠤ ᠳᠡᠰ ᠬᠤᠪᠢᠶᠠᠬᠤ ᠪᠠᠨ ᠤᠯᠠᠮ ᠨᠢᠭᠡ ᠠᠯᠬᠤᠮ ᠲᠣᠬᠢᠷᠠᠭᠤᠯᠵᠤ ᠪᠠᠶᠢᠭᠠᠳ ᠦᠨ᠎ᠡ ᠥᠰᠬᠡᠬᠦ ᠪᠠᠷᠢᠮᠵᠢᠶ᠎ᠠ ᠪᠠᠨ ᠲᠣᠭᠲᠠᠭᠠᠨ᠎ᠠ᠃ ᠲᠠᠷᠢᠶᠠᠯᠠᠬᠤ ᠮᠠᠯᠵᠢᠬᠤ | ᠣᠷᠣᠨ ᠳᠤ ᠲᠣᠰᠬᠤᠨ ᠤ ᠵᠠᠬ᠎ᠠ ᠳᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠡᠷᠦᠬᠡ ᠪᠠᠷ ᠬᠡᠮᠵᠢᠶ᠎ᠡ ᠲᠣᠭᠲᠠᠭᠠᠨ ᠬᠠᠮᠢᠶᠠᠷᠬᠤ᠂ ᠬᠡᠮᠵᠢᠶ᠎ᠡ ᠠᠴᠠ ᠬᠡᠲᠦᠷᠡᠪᠡᠯ | ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠪᠡᠰᠦᠪᠡᠨ | ᠤᠰᠤ ᠠᠷᠪᠢᠯᠠᠬᠤ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ᠵᠢᠷᠭᠤᠭ᠎ᠠ᠂ ᠠᠮᠢ ᠠᠬᠤᠢ ᠶᠢᠨ ᠤᠰᠤ ᠠᠷᠪᠢᠯᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ | ︵ᠨᠢᠭᠡ︶ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠨ᠎ᠠ᠃ ᠤᠰᠤᠨ ᠰᠤᠷᠪᠤᠯᠵᠢ ᠶᠢ ᠬᠠᠮᠠᠭᠠᠯᠠᠬᠤ᠂ ᠤᠯᠤᠰ ᠤᠨ | ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠨᠤᠭᠤ ᠭᠠᠵᠠᠷ ᠢ ᠵᠠᠰᠠᠨ ᠰᠡᠷᠭᠦᠭᠡᠬᠦ ᠵᠡᠷᠭᠡ | ᠨᠣᠭᠤᠭᠠᠷᠠᠭᠤᠯᠤᠯᠲᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶᠢᠵᠢᠭᠤᠯᠬᠤ ᠳᠤ ᠲᠣᠬᠢᠷᠠᠪᠠᠯ ᠣᠶᠢᠵᠢᠭᠤᠯᠤᠨ᠂ ᠡᠪᠡᠰᠦ ᠲᠠᠷᠢᠬᠤ ᠳᠤ | ᠲᠣᠬᠢᠷᠠᠪᠠᠯ ᠡᠪᠡᠰᠦ ᠲᠠᠷᠢᠵᠤ᠂ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ᠃ ᠵᠢᠯ ᠤᠨ ᠬᠤᠷ᠎ᠠ | ᠲᠤᠨᠳᠠᠰᠤᠨ ᠤ ᠬᠡᠮᠵᠢᠶ᠎ᠡ 400 ᠮᠢᠯᠢᠮᠧᠲᠷ ᠠᠴᠠ ᠳᠣᠷᠣᠭᠰᠢᠬᠢ ᠭᠠᠵᠠᠷ ᠣᠷᠣᠨ ᠨᠤᠭᠤᠳ ᠠᠶᠠᠨᠳᠠᠭᠠᠨ ᠰᠡᠷᠭᠦᠭᠡᠬᠦ ᠪᠠ ᠬᠥᠮᠥᠨ ᠤ ᠬᠦᠴᠦ ᠪᠠᠷ ᠰᠡᠷᠭᠦᠭᠡᠬᠦ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠤᠷ᠎ᠠ ᠤᠰᠤ ᠪᠠᠷ ᠤᠮᠳᠠᠯᠠᠬᠤ᠂ ᠤᠰᠤ ᠠᠷᠪᠢᠯᠠᠬᠤ ᠪᠠᠷ ᠤᠳᠤᠷᠢᠳᠤᠮᠵᠢ ᠪᠣᠯᠭᠠᠵᠤ᠂ ᠤᠰᠤ ᠠᠷᠪᠢᠯᠠᠬᠤ ᠣᠶ ᠰᠢᠭᠤᠢ | ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠲᠠᠷᠢᠮᠠᠯ ᠢ ᠶᠡᠭᠡ ᠪᠠᠷ ᠬᠥᠭᠵᠢᠭᠦᠯᠦᠨ᠎ᠡ᠃ ᠤᠰᠤ ᠬᠠᠩᠭᠠᠬᠤ ᠪᠠᠲᠤᠯᠠᠭ᠎ᠠ ᠶᠢᠨ ᠨᠥᠬᠦᠴᠡᠯ ᠢ ᠪᠦᠷᠢᠳᠦᠭᠦᠯᠦᠭᠰᠡᠨ | ᠭᠠᠵᠠᠷ ᠣᠷᠣᠨ ᠨᠤᠭᠤᠳ ᠤᠰᠤᠨ ᠤ ᠡᠬᠢ ᠰᠤᠷᠪᠤᠯᠵᠢ ᠶᠢᠨ ᠨᠤᠲᠠᠯᠠᠯ ᠢ ᠥᠷᠨᠢᠭᠦᠯᠦᠭᠰᠡᠨ ᠤᠷᠢᠲᠠᠯ ᠳᠣᠣᠷ᠎ᠠ ᠨᠤᠲᠤᠭ ᠣᠷᠣᠨ ᠤ ᠮᠣᠳᠣᠨ ᠤ ᠲᠥᠷᠥᠯ ᠢᠶᠠᠷ ᠭᠤᠣᠯ | ᠪᠣᠯᠭᠠᠭᠰᠠᠨ ᠲᠤᠷᠤᠭ ᠮᠣᠳᠣ ᠶᠢ ᠵᠣᠬᠢᠰᠲᠠᠢ ᠲᠠᠷᠢᠵᠤ ᠪᠣᠯᠣᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ︶ | ︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠳᠤ ᠤᠰᠤ ᠠᠷᠪᠢᠯᠠᠬᠤ ᠶᠢ ᠠᠬᠢᠭᠤᠯᠤᠨ᠎ᠠ᠃ ᠤᠰᠤ ᠠᠷᠪᠢᠯᠠᠬᠤ ᠭᠠᠩ ᠳᠤ | ᠲᠡᠰᠪᠦᠷᠢᠲᠡᠢ ᠮᠣᠳᠣᠨ ᠤ ᠲᠥᠷᠥᠯ ᠡᠪᠡᠰᠦᠨ ᠤ ᠲᠥᠷᠥᠯ ᠢ ᠤᠷᠢᠳ ᠢᠶᠠᠷ ᠰᠣᠩᠭᠤᠨ ᠬᠡᠷᠡᠭᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ | ᠬᠡᠯᠪᠡᠷᠢ ᠪᠠ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠶ ᠰᠢᠭᠤᠢ ᠨᠤᠲᠤᠭ ᠪᠡᠯᠴᠢᠭᠡᠷ ᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠵᠤ᠂ ᠪᠠᠶᠢᠭᠠᠯᠢ ᠶᠢᠨ ᠬᠤᠷ᠎ᠠ ᠲᠤᠨᠳᠠᠰᠤ ᠪᠠ ᠳᠠᠬᠢᠯᠲᠠ ᠤᠰᠤ ᠶᠢ ᠵᠦᠢ ᠵᠣᠬᠢᠰᠲᠠᠢ ᠠᠰᠢᠭᠯᠠᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶ | ︵ᠭᠤᠷᠪᠠ︶ ᠬᠤᠲᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠵᠦ᠂ ᠥᠨᠳᠥᠷ ᠦᠷ᠎ᠡ ᠪᠦᠲᠦᠮᠵᠢᠲᠡᠶ ᠪᠠᠷ ᠤᠰᠤ ᠠᠷᠪᠢᠯᠠᠬᠤ ᠤᠰᠤᠯᠠᠯᠲᠠ ᠶᠢᠨ ᠠᠷᠭ᠎ᠠ | ᠮᠠᠶ᠋ᠢᠭ ᠢ ᠳᠡᠯᠭᠡᠷᠡᠭᠦᠯᠦᠨ᠂ ᠲᠤᠰ ᠭᠠᠵᠠᠷ ᠣᠷᠣᠨ ᠳᠤ ᠨᠢ ᠲᠣᠬᠢᠷᠠᠭᠰᠠᠨ ᠤᠰᠤ ᠠᠷᠪᠢᠯᠠᠬᠤ ᠭᠠᠩ ᠳᠤ ᠲᠡᠰᠪᠦᠷᠢᠲᠡᠢ ᠤᠷᠭᠤᠮᠠᠯ ᠬᠤᠴᠢᠯᠭ᠎ᠠ ᠶᠢ ᠰᠣᠩᠭᠤᠨ | ᠬᠡᠷᠡᠭᠯᠡᠵᠦ᠂ ᠤᠰᠤᠯᠠᠯᠲᠠ ᠶᠢᠨ ᠳᠠᠪᠲᠠᠮᠵᠢ ᠤᠳᠠᠭ᠎ᠠ ᠪᠠᠨ ᠵᠦᠢ ᠵᠣᠬᠢᠰᠲᠠᠢ ᠲᠣᠬᠢᠷᠠᠭᠤᠯᠤᠨ᠂ ᠤᠰᠤᠨ ᠭᠠᠳᠠᠷᠭᠤ ᠶᠢᠨ ᠦᠵᠡᠮᠵᠢ ᠳᠤ ᠬᠡᠷᠡᠭᠯᠡᠬᠦ ᠤᠰᠤ ᠶᠢ ᠴᠢᠩᠭ᠎ᠠ | ᠡᠵᠡᠮᠳᠡᠵᠦ᠂ ᠭᠠᠵᠠᠷ ᠳᠣᠣᠷᠠᠬᠢ ᠤᠰᠤ ᠶᠢ ᠲᠠᠲᠠᠵᠤ ᠬᠤᠲᠠ ᠶᠢᠨ ᠤᠰᠤᠨ ᠦᠵᠡᠮᠵᠢ᠂ ᠤᠰᠤᠨ ᠳᠡᠭᠡᠷᠡᠬᠢ ᠵᠤᠭ᠎ᠠ ᠲᠣᠭᠯᠠᠭᠠᠮ ᠤᠨ ᠲᠥᠷᠥᠯ ᠵᠦᠢᠯ ᠳᠤ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠳᠠᠬᠢᠯᠲᠠ ᠤᠰᠤᠨ ᠤ ᠬᠤᠭᠤᠯᠠᠢ ᠭᠤᠤᠷᠰᠤ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ | ᠤᠰᠤᠨ ᠰᠤᠷᠪᠤᠯᠵᠢ ᠶᠢᠨ ᠬᠤᠳᠳᠤᠭ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ᠳᠣᠯᠤᠭ᠎ᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠵᠠᠰᠠᠯᠲᠠ ᠬᠢᠬᠦ ᠪᠠᠨ ᠴᠢᠩᠭᠠᠳᠬᠠᠨ᠎ᠠ | ︵ᠨᠢᠭᠡ︶ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠠᠵᠢᠯ ᠢᠶᠠᠨ ᠦᠷᠭᠦᠯᠵᠢᠯᠡᠨ ᠰᠠᠶᠢᠲᠤᠷ ᠬᠢᠨ᠎ᠡ᠃ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠤᠰᠤᠨ ᠰᠤᠷᠪᠤᠯᠵᠢ ᠶᠢ ᠰᠣᠯᠢᠵᠤ ᠬᠡᠷᠡᠭᠯᠡᠬᠦ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠭᠠᠩᠰᠠᠭ | ᠤᠷᠭᠤᠮᠠᠯ ᠬᠠᠭᠤᠷᠠᠢ ᠲᠠᠷᠢᠮᠠᠯ ᠢ ᠬᠤᠷ᠎ᠠ ᠪᠠᠷ ᠤᠮᠳᠠᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠶᠠᠳᠤᠭᠠᠷ ᠡᠭᠡᠯᠵᠢ ᠶᠢᠨ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠬᠡᠲᠦᠷᠡᠲᠡᠯ᠎ᠡ ᠲᠠᠲᠠᠭᠰᠠᠨ 11ᠣᠷᠣᠨ ︵ᠣᠲᠤᠭ | ᠬᠤᠰᠢᠭᠤᠨ ᠤ ᠦᠵᠦᠭᠦᠷ ᠪᠠᠯᠭᠠᠰᠤ᠂ ᠣᠲᠤᠭ ᠤᠨ ᠡᠮᠦᠨᠡᠲᠦ ᠬᠤᠰᠢᠭᠤᠨ ᠤ ᠣᠯᠵᠠᠴᠢ ᠪᠠᠯᠭᠠᠰᠤ ᠪᠠ ᠳᠠᠬᠢᠯᠲᠤ ᠰᠢᠶᠠᠩ᠂ ᠦᠦᠰᠢᠨ ᠬᠤᠰᠢᠭᠤ᠂ ᠤᠷᠠᠳ ᠤᠨ | ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠶᠤᠸᠠᠨ ᠪᠦᠦ ᠱᠠᠨ ᠲᠣᠭᠤᠷᠢᠭ᠂ ᠬᠤᠸᠠᠳᠧ ᠰᠢᠶᠠᠨ᠂ ᠠᠯᠠᠱᠠ ᠪᠠᠷᠠᠭᠤᠨ ᠬᠤᠰᠢᠭᠤᠨ ᠤ ᠴᠧᠨ ᠵᠢᠶᠠ | ᠵᠢᠩ᠂ ᠬᠠᠶᠢᠷᠤᠪ ᠤᠨ ᠲᠣᠬᠤᠢ ᠲᠣᠭᠤᠷᠢᠭ᠂ ᠲᠦᠮᠡᠳ ᠪᠠᠷᠠᠭᠤᠨ ᠬᠤᠰᠢᠭᠤ︶ ᠢ ᠪᠠᠬᠢᠵᠢᠭᠦᠯᠦᠨ ᠵᠠᠰᠠᠬᠤ ᠪᠠᠨ ᠲᠦᠷᠭᠡᠳᠬᠡᠨ ᠠᠬᠢᠭᠤᠯᠵᠤ᠂ ᠬᠦᠬᠡᠬᠤᠲᠠ ᠪᠠ | ᠤᠷᠠᠳ ᠤᠨ ᠡᠮᠦᠨᠡᠲᠦ ᠬᠤᠰᠢᠭᠤ᠂ ᠬᠤᠷᠴᠢᠨ ᠲᠣᠭᠤᠷᠢᠭ ᠵᠡᠷᠭᠡ ᠲᠣᠮᠣ ᠬᠡᠯᠪᠡᠷᠢ ᠶᠢᠨ ᠬᠡᠲᠦᠷᠡᠲᠡᠯ᠎ᠡ ᠲᠠᠲᠠᠭᠰᠠᠨ 3 ᠭᠠᠵᠠᠷ ᠣᠷᠣᠨ ᠤ ᠤᠰᠤ ᠲᠠᠲᠠᠬᠤ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠵᠤ᠂ ᠤᠰᠤᠨ ᠲᠦᠪᠰᠢᠨ ᠢ ᠡᠵᠡᠮᠳᠡᠬᠦ ᠲᠦᠪᠰᠢᠨ ᠠᠴᠠ ᠳᠡᠭᠡᠭᠰᠢ ᠪᠣᠯᠭᠠᠬᠤ ᠶᠢᠨ ᠬᠠᠮᠲᠤ ᠲᠣᠭᠲᠠᠭᠤᠨ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠬᠠᠭᠤᠳᠠᠰᠤᠨ ᠠᠴᠠ ᠭᠠᠷᠭᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ︵ ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ︵ᠬᠤᠶᠠᠷ︶ ᠭᠤᠣᠯᠳᠠᠯᠭ᠎ᠠ ᠪᠣᠯᠬᠤ ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠢ ᠵᠠᠰᠠᠬᠤ ᠠᠵᠢᠯ ᠢ ᠲᠦᠷᠭᠡᠳᠬᠡᠨ ᠠᠬᠢᠭᠤᠯᠤᠨ᠎ᠠ᠃ | ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠠ ᠣᠷᠳᠣᠰ ᠤᠨ ᠲᠠᠯᠪᠢᠭᠤᠷ ᠭᠠᠵᠠᠷ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡ ᠶᠢᠨ ᠳᠠᠭᠠᠭᠠᠴᠠ ᠠᠴᠠ | ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠠᠴᠠ ᠵᠥᠷᠢᠴᠡᠨ ᠤᠰᠤ ᠲᠠᠲᠠᠨ ᠠᠪᠬᠤ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠥᠪᠰᠢᠶᠡᠷᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ᠂ ᠬᠡᠮᠵᠢᠶ᠎ᠡ ᠠᠴᠠ ᠬᠡᠲᠦᠷᠡᠭᠦᠯᠬᠦ ᠪᠠ ᠬᠡᠮᠵᠢᠶ᠎ᠡ ᠬᠤᠲᠤᠭ | ᠦᠭᠡᠢ ᠪᠠᠷ ᠤᠰᠤ ᠲᠠᠲᠠᠨ ᠠᠪᠬᠤ ᠵᠡᠷᠭᠡ ᠤᠰᠤ ᠲᠠᠲᠠᠨ ᠠᠪᠬᠤ ᠵᠥᠪᠰᠢᠶᠡᠷᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠦᠢᠯᠡ ᠠᠵᠢᠯᠯᠠᠭ᠎ᠠ ᠶᠢ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ ᠥᠩᠭᠡᠷᠡᠭᠡᠳ ᠵᠠᠯᠠᠷᠠᠭᠤᠯᠤᠭᠰᠠᠨ ᠦᠭᠡᠢ ᠪᠣᠯ ᠬᠠᠤᠯᠢ ᠶᠣᠰᠣᠭᠠᠷ ᠤᠰᠤ ᠲᠠᠲᠠᠨ ᠠᠪᠬᠤ | ᠪᠡᠯᠡᠳᠬᠡᠮᠵᠢ ᠶᠢ ᠵᠠᠳᠠᠯᠵᠤ ᠰᠠᠯᠭᠠᠬᠤ ᠪᠤᠶᠤ ᠪᠢᠲᠡᠭᠦᠮᠵᠢᠯᠡᠬᠦ ᠵᠡᠷᠭᠡ ᠰᠢᠢᠳᠬᠡᠨ ᠲᠣᠷᠭᠠᠬᠤ ᠠᠷᠭ᠎ᠠ ᠬᠡᠮᠵᠢᠶ᠎ᠡ ᠠᠪᠴᠤ᠂ 2025 ᠣᠨ ᠤ ᠰᠡᠭᠦᠯᠴᠢ ᠪᠤᠯᠲᠠᠯ᠎ᠠ | ᠬᠡᠲᠦᠷᠡᠲᠡᠯ᠎ᠡ ᠲᠠᠲᠠᠬᠤ ᠤᠰᠤᠨ ᠤ ᠬᠡᠮᠵᠢᠶ᠎ᠡ ᠶᠢ ᠨᠡᠶᠢᠲᠡ 3.3 ᠳ᠋ᠦᠩᠰᠢᠭᠤᠷ ᠺᠦᠪ ᠮᠧᠲᠷ ᠠᠴᠠ ᠳᠡᠭᠡᠭᠰᠢ ᠪᠠᠭᠠᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ | ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ᠨᠠᠢᠮᠠ᠂ ᠪᠠᠶᠢᠩᠭᠤ ᠶᠢᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠨ᠎ᠡ | ︵ᠨᠢᠭᠡ︶ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠪᠠᠨ ᠠᠬᠢᠭᠤᠯᠤᠨ᠎ᠠ᠃ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠠᠷᠭ᠎ᠠ | ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠪᠠᠷ ᠥᠭᠡᠷᠡᠴᠢᠯᠡᠨ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠳᠠᠬᠢᠯᠲᠠ ᠤᠰᠤᠨ ᠤ | ᠬᠡᠷᠡᠭᠯᠡᠭᠴᠢᠳ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠦᠴᠦᠯᠡᠨ ᠴᠢᠷᠮᠠᠶᠢᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠳᠤ ᠲᠦᠰᠢᠭᠯᠡᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠵᠦ ᠪᠠᠶᠢᠭ᠎ᠠ ᠪᠠᠶᠢᠳᠠᠯ ᠳᠤ᠂ ᠠᠵᠤ ᠦᠢᠯᠡᠳᠪᠦᠷᠢ ᠶᠢᠨ ᠬᠠᠶᠠᠭᠳᠠᠮᠠᠯ | ᠤᠰᠤ ᠰᠢᠢᠳᠪᠦᠷᠢᠯᠡᠬᠦ ᠲᠤᠰᠠᠭᠠᠷ ᠦᠢᠯᠡᠳᠪᠦᠷᠢ ᠪᠤᠶᠤ ᠰᠡᠭᠦᠯ ᠤᠨ ᠤᠰᠤ ᠶᠢ ᠭᠦᠨᠵᠡᠭᠡᠢ ᠴᠡᠪᠡᠷᠰᠢᠭᠦᠯᠬᠦ ᠲᠤᠰᠠᠭᠠᠷ ᠢᠨᠵᠧᠨᠧᠷᠢᠩ ᠪᠠᠶᠢᠭᠤᠯᠬᠤ ᠶᠢ ᠢᠳᠡᠪᠬᠢᠲᠡᠢ | ᠠᠬᠢᠭᠤᠯᠤᠨ᠎ᠠ︔ ᠳᠠᠬᠢᠯᠲᠠ ᠤᠰᠤ ᠶᠢ ᠲᠣᠬᠢᠷᠠᠭᠤᠯᠬᠤ ᠬᠤᠭᠤᠯᠠᠢ ᠭᠤᠤᠷᠰᠤ ᠶᠢᠨ ᠲᠣᠣᠷ ᠤᠨ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠠᠬᠢᠯᠲᠠ | ᠤᠰᠤᠨ ᠤ ᠦᠢᠯᠡᠳᠪᠦᠷᠢ ᠬᠢᠭᠡᠳ ᠤᠰᠤ ᠬᠡᠷᠡᠭᠯᠡᠬᠦ ᠡᠷᠦᠬᠡ ᠶᠢᠨ ᠬᠤᠭᠤᠷᠣᠨᠳᠣᠬᠢ ᠤᠰᠤ ᠳᠠᠮᠵᠢᠭᠤᠯᠬᠤ ᠨᠡᠪᠳᠡᠷᠡᠯ ᠵᠠᠮ ᠢ ᠰᠢᠯᠤᠭᠤᠳᠬᠠᠨ᠎ᠠ︔ ᠳᠠᠬᠢᠯᠲᠠ ᠤᠰᠤ ᠶᠢ | ᠣᠶᠢᠷ᠎ᠠ ᠬᠠᠪᠢ ᠳᠤ ᠨᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ᠂ ᠦᠵᠡᠮᠵᠢ ᠶᠢᠨ ᠣᠷᠴᠢᠨ᠂ ᠬᠤᠲᠠ ᠶᠢᠨ ᠡᠯᠳᠡᠪ ᠬᠡᠷᠡᠭᠯᠡᠯᠲᠡ᠂ | ᠬᠤᠲᠠ ᠶᠢᠨ ᠨᠣᠭᠤᠭᠠᠷᠠᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ᠤᠷᠢᠳ ᠢᠶᠠᠷ ᠳᠠᠬᠢᠯᠲᠠ ᠤᠰᠤ ᠶᠢ ᠲᠣᠬᠢᠷᠠᠭᠤᠯᠤᠨ ᠬᠡᠷᠡᠭᠯᠡᠨ᠎ᠡ︔ ᠬᠠᠲᠤᠨ ᠭᠤᠣᠯ ᠤᠨ ᠰᠠᠪᠠ | ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠥᠬᠡᠬᠤᠲᠠ᠂ ᠪᠤᠭᠤᠲᠤ ᠬᠤᠲᠠ᠂ | ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠣᠷᠳᠣᠰ ᠬᠤᠳᠠ᠂ ᠪᠠᠶᠠᠨᠨᠠᠭᠤᠷ ᠬᠤᠲᠠ ᠵᠡᠷᠭᠡ ᠳᠠᠬᠢᠯᠲᠠ ᠤᠰᠤ ᠶᠢ ᠠᠰᠢᠭᠯᠠᠬᠤ 6 ᠭᠤᠣᠯᠳᠠᠯᠭ᠎ᠠ ᠲᠠᠢ | ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ︵ᠬᠤᠶᠠᠷ︶ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ | ᠰᠠᠪᠠ ᠭᠠᠵᠠᠷ ᠵᠢᠴᠢ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠠᠭᠤᠷᠬᠠᠢ ᠶᠢᠨ ᠬᠤᠳᠳᠤᠭ ᠠᠴᠠ ᠣᠷᠬᠢᠯᠠᠬᠤ ᠤᠰᠤᠨ ᠤ ᠬᠡᠮᠵᠢᠶ᠎ᠡ ᠨᠡᠯᠢᠶᠡᠳ | ᠶᠡᠭᠡ ᠭᠠᠵᠠᠷ ᠣᠷᠣᠨ ᠳᠤ᠂ ᠤᠰᠤ ᠬᠠᠮᠠᠭᠠᠯᠠᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠪᠠ ᠠᠭᠤᠷᠬᠠᠢ ᠶᠢᠨ ᠬᠤᠳᠳᠤᠭ ᠤᠨ | ᠤᠰᠤᠨ ᠤ ᠬᠤᠣᠰ ᠡᠬᠢ ᠪᠠᠶᠠᠯᠢᠭ ᠤᠨ ᠬᠡᠯᠪᠡᠷᠢ ᠪᠦᠬᠦᠢ ᠠᠭᠤᠷᠬᠠᠢ ᠶᠢᠨ ᠬᠤᠳᠳᠤᠭ ᠢ ᠪᠦᠲᠦᠭᠡᠨ ᠪᠠᠶᠢᠭᠤᠯᠤᠨ᠎ᠠ︔ ᠨᠡᠭᠦᠷᠡᠰᠦᠨ ᠠᠭᠤᠷᠬᠠᠢ ᠶᠢᠨ ᠪᠠᠶᠢᠭ᠎ᠠ ᠠᠶᠢᠮᠠᠭ | ᠬᠤᠲᠠ ᠨᠢ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ ᠲᠥᠰᠥᠯ ᠢ ᠲᠣᠭᠲᠠᠭᠠᠵᠤ᠂ ᠠᠭᠤᠷᠬᠠᠢ ᠶᠢᠨ | ᠬᠤᠳᠳᠤᠭ ᠤᠨ ᠤᠰᠤ ᠶᠢ ᠲᠣᠬᠢᠷᠠᠭᠤᠯᠤᠨ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠰᠢᠨ᠎ᠡ ᠪᠠᠷ ᠨᠡᠮᠡᠭᠳᠡᠬᠦ | ᠤᠰᠤᠨ ᠤ ᠬᠡᠷᠡᠭᠡᠯᠡᠭᠡ ᠳᠤ ᠠᠭᠤᠷᠬᠠᠢ ᠶᠢᠨ ᠬᠤᠳᠳᠤᠭ ᠤᠨ ᠤᠰᠤ ᠶᠢ ᠤᠷᠢᠳ ᠢᠶᠠᠷ ᠲᠣᠬᠢᠷᠠᠭᠤᠯᠤᠨ᠂ ᠨᠥᠬᠦᠴᠡᠯ ᠪᠦᠷᠢᠳᠦᠭᠰᠡᠨ ᠭᠠᠵᠠᠷ ᠣᠷᠣᠨ ᠨᠢ | ᠠᠭᠤᠷᠬᠠᠢ ᠶᠢᠨ ᠬᠤᠳᠳᠤᠭ ᠤᠨ ᠤᠰᠤ ᠪᠠᠷ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠶᠢ ᠰᠣᠯᠢᠵᠤ ᠬᠡᠷᠡᠭᠯᠡᠬᠦ ᠠᠵᠢᠯ ᠢᠶᠠᠨ ᠲᠦᠷᠭᠡᠳᠬᠡᠨ ᠠᠬᠢᠭᠤᠯᠤᠨ᠎ᠠ | ᠃ 2025 ᠣᠨ ᠤ ᠰᠡᠭᠦᠯᠴᠢ ᠪᠤᠯᠲᠠᠯ᠎ᠠ ᠪᠥᠬᠦ ᠣᠷᠣᠨ ᠤ ᠠᠭᠤᠷᠬᠠᠢ ᠶᠢᠨ ᠬᠤᠳᠳᠤᠭ ᠤᠨ ᠤᠰᠤᠨ ᠤ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ | ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠂ ᠡᠭᠦᠨ ᠳᠤ ᠬᠠᠲᠤᠨ ᠭᠤᠣᠯ ᠤᠨ ᠰᠠᠪᠠ ᠭᠠᠵᠠᠷ ᠤᠨ ᠬᠢ 70% ᠠᠴᠠ ᠳᠡᠭᠡᠭᠰᠢ ᠳᠤ ᠬᠦᠷᠦᠭᠦᠯᠦᠨ᠎ᠡ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ︶ | ᠶᠢᠰᠦ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠠᠨ᠎ᠠ | ︵ᠨᠢᠭᠡ︶ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠬᠠᠲᠤᠨ ᠭᠤᠣᠯ ᠤᠨ ᠭᠤᠣᠯ | ᠤᠷᠤᠰᠬᠠᠯ ᠤᠨ ᠤᠰᠤᠨ ᠤ ᠡᠷᠬᠡ ᠶᠢ ᠠᠶᠢᠮᠠᠭ ᠬᠤᠲᠠ ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠢᠨᠵᠧᠨᠧᠷᠢᠩ ᠢ ᠦᠨᠳᠦᠰᠦᠨ ᠳᠤ ᠪᠠᠨ ᠪᠡᠶᠡᠯᠡᠭᠦᠯᠵᠦ᠂ 1.2 ᠳ᠋ᠦᠩᠰᠢᠭᠤᠷ ᠺᠦᠪ ᠮᠧᠲᠷ ᠤᠨ | ᠤᠰᠤᠨ ᠤ ᠬᠡᠮᠵᠢᠶ᠎ᠡ ᠶᠢ ᠰᠢᠯᠵᠢᠭᠦᠯᠦᠨ ᠥᠭᠬᠦ ᠴᠢᠳᠠᠪᠤᠷᠢ ᠶᠢ ᠪᠦᠷᠢᠳᠦᠭᠦᠯᠦᠨ᠎ᠡ᠃ ᠬᠠᠤᠯᠢ ᠶᠣᠰᠣᠨ ᠤ ᠤᠰᠤ ᠬᠡᠷᠡᠭᠯᠡᠬᠦ ᠡᠷᠦᠬᠡ ᠶᠢᠨ ᠥᠪᠡᠷ ᠥᠪᠡᠰᠦᠳ ᠤᠨ ᠤᠰᠤ | ᠠᠷᠪᠢᠯᠠᠭᠰᠠᠨ ᠬᠡᠮᠵᠢᠶ᠎ᠡ ᠪᠠᠷ ᠢᠶᠠᠨ ᠤᠰᠤᠨ ᠤ ᠡᠷᠬᠡ ᠶᠢᠨ ᠠᠷᠠᠯᠵᠢᠶ᠎ᠠ ᠬᠢᠬᠦ ᠶᠢ ᠨᠢ ᠳᠡᠮᠵᠢᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ︵ᠬᠤᠶᠠᠷ︶ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠰᠤᠨ ᠤ ᠡᠬᠢ | ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠳᠠᠯᠢ ᠨᠢᠭᠡᠨ ᠬᠡᠷᠡᠭᠴᠡᠭᠡ ᠠᠴᠠ ᠤᠰᠤ | ᠲᠠᠲᠠᠵᠤ ᠬᠡᠷᠡᠭᠯᠡᠬᠦ ᠳᠤ ᠭᠠᠵᠠᠷ ᠳᠣᠣᠷᠠᠬᠢ ᠤᠰᠤᠨ ᠤ ᠭᠠᠶᠢᠯᠢ ᠶᠢᠨ ᠲᠤᠭ᠎ᠠ ᠶᠢ ᠭᠠᠵᠠᠷ ᠳᠡᠭᠡᠷᠡᠬᠢ ᠤᠰᠤᠨ ᠤ ᠬᠢ ᠠᠴᠠ ᠥᠨᠳᠥᠷ ᠪᠠᠶᠢᠯᠭᠠᠨ᠎ᠠ︔ ᠳᠠᠬᠢᠯᠲᠠ | ᠤᠰᠤ ᠶᠢ ᠲᠠᠲᠠᠵᠤ ᠬᠡᠷᠡᠭᠯᠡᠬᠦ ᠳᠤ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠦᠭᠡᠢ︔ ᠴᠡᠪᠡᠷᠯᠡᠨ ᠬᠠᠲᠠᠭᠠᠵᠦ ᠵᠠᠯᠠᠭᠰᠠᠨ ᠤᠰᠤᠨ ᠤ ᠡᠭᠡᠭᠦᠯᠦᠨ | ᠬᠤᠷᠢᠶᠠᠵᠤ ᠠᠰᠢᠭᠯᠠᠬᠤ ᠬᠡᠰᠡᠭ ᠲᠤ ᠳᠣᠣᠷ᠎ᠠ ᠵᠠᠬ᠎ᠠ ᠪᠠᠷ ᠭᠠᠶᠢᠯᠢ ᠶᠢᠨ ᠲᠤᠭ᠎ᠠ ᠲᠣᠭᠲᠠᠭᠠᠵᠤ᠂ ᠭᠠᠳᠠᠭᠰᠢ ᠵᠠᠯᠠᠬᠤ ᠬᠡᠰᠡᠭ ᠲᠤ ᠳᠡᠭᠡᠷ᠎ᠡ ᠵᠠᠬ᠎ᠠ ᠪᠠᠷ ᠭᠠᠶᠢᠯᠢ ᠶᠢᠨ | ᠲᠤᠭ᠎ᠠ ᠲᠣᠭᠲᠠᠭᠠᠨ᠎ᠠ︔ ᠤᠰᠤᠨ ᠤ ᠡᠬᠢ ᠰᠤᠷᠪᠤᠯᠵᠢ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠣᠷᠣᠨ ᠠᠴᠠ | ᠤᠰᠤ ᠲᠠᠲᠠᠵᠤ ᠬᠡᠷᠡᠭᠯᠡᠭᠰᠡᠨ ᠪᠠᠶᠢᠪᠠᠯ᠂ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠠᠳᠠᠯᠢ ᠲᠥᠷᠥᠯ ᠤᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ ᠤ 2 ᠳᠠᠬᠢᠨ ᠢᠶᠠᠷ | ᠲᠠᠲᠠᠪᠤᠷᠢᠯᠠᠨ᠎ᠠ︔ ᠲᠥᠯᠥᠪᠯᠡᠭᠡ ᠠᠴᠠ ᠪᠠᠨ ᠬᠡᠲᠦᠷᠡᠲᠡᠯ᠎ᠡ ᠤᠰᠤ ᠲᠠᠲᠠᠵᠤ ᠬᠡᠷᠡᠭᠯᠡᠭᠰᠡᠨ ᠪᠠᠶᠢᠪᠠᠯ᠂ ᠲᠥᠯᠥᠪᠯᠡᠭᠡ ᠠᠴᠠ ᠬᠡᠲᠦᠷᠡᠭᠰᠡᠨ ᠬᠡᠰᠡᠭ ᠤᠨ ᠬᠠᠷᠢᠴᠠᠯ ᠢᠶᠠᠷ | ᠠᠬᠢᠭᠤᠯᠤᠨ ᠪᠤᠳᠤᠵᠤ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶ | ︵ᠭᠤᠷᠪᠠ︶ ᠤᠰᠤ ᠠᠷᠪᠢᠯᠠᠬᠤ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ︽ᠤᠰᠤ ᠠᠷᠪᠢᠯᠠᠬᠤ ᠠᠵᠤ ᠦᠢᠯᠡᠰ ᠢ | ᠲᠦᠷᠭᠡᠳᠬᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠬᠤᠲᠠ ᠪᠠᠯᠭᠠᠰᠤᠨ ᠤ | ᠠᠮᠢᠳᠤᠷᠠᠯ ᠤᠨ ᠤᠰᠤ ᠠᠷᠪᠢᠯᠠᠬᠤ ᠵᠢᠴᠢ ᠤᠰᠤ ᠠᠷᠪᠢᠯᠠᠬᠤ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠬᠠᠨᠳᠤᠭᠤᠯᠤᠨ᠂ ᠲᠥᠬᠦᠭᠡᠷᠦᠮᠵᠢ ᠶᠢᠨ | ᠦᠢᠯᠡᠳᠪᠦᠷᠢᠯᠡᠯ ᠪᠠ ᠮᠡᠷᠭᠡᠵᠢᠯ ᠤᠨ ᠦᠢᠯᠡᠴᠢᠯᠡᠭᠡᠨ ᠤ ᠲᠠᠯ᠎ᠠ ᠪᠠᠷ ᠨᠢᠭᠡ ᠪᠦᠯᠦᠭ ᠮᠡᠷᠭᠡᠵᠢᠯ ᠤᠨ ᠬᠢᠷᠢ ᠬᠡᠮᠵᠢᠶ᠎ᠡ ᠥᠨᠳᠥᠷ᠂ ᠳᠠᠶᠢᠴᠢᠯᠠᠬᠤ ᠴᠢᠳᠠᠪᠤᠷᠢ ᠴᠢᠩᠭ᠎ᠠ | ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠶᠡᠭᠡ ᠬᠡᠪᠴᠢᠶ᠎ᠡ ᠪᠠᠷ ᠤᠰᠤ ᠠᠷᠪᠢᠯᠠᠬᠤ ᠲᠥᠬᠦᠭᠡᠷᠦᠮᠵᠢ ᠪᠠᠨ ᠰᠢᠨᠡᠳᠬᠡᠬᠦ ᠶᠢ ᠠᠬᠢᠭᠤᠯᠤᠨ᠂ ᠤᠰᠤ ᠬᠡᠷᠡᠭᠯᠡᠬᠦ | ᠬᠤᠴᠤᠷᠤᠩᠭᠤᠢ ᠲᠥᠬᠦᠭᠡᠷᠦᠮᠵᠢ ᠶᠢ ᠲᠦᠷᠭᠡᠳᠬᠡᠨ ᠰᠢᠭᠰᠢᠭᠳᠡᠭᠦᠯᠵᠦ᠂ ᠤᠰᠤ ᠠᠷᠪᠢᠯᠠᠬᠤ ᠲᠣᠨᠤᠭ ᠲᠥᠬᠦᠭᠡᠷᠦᠮᠵᠢ ᠶᠢ ᠰᠢᠨᠡᠳᠬᠡᠵᠦ ᠬᠠᠯᠠᠬᠤ ᠪᠠᠨ ᠠᠬᠢᠭᠤᠯᠤᠨ᠂ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢᠶᠠᠨ ᠥᠭᠡᠷᠡᠴᠢᠯᠡᠨ ᠰᠢᠨᠡᠳᠬᠡᠬᠦ ᠠᠵᠢᠯ ᠥᠷᠨᠢᠭᠦᠯᠬᠦ ᠶᠢ ᠨᠢ | ᠵᠣᠷᠢᠭᠵᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠪᠠ ᠤᠰᠤ ᠠᠷᠪᠢᠯᠠᠬᠤ ᠦᠷ᠎ᠡ ᠪᠦᠲᠦᠮᠵᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠭᠡᠷ᠎ᠡ | ᠲᠣᠭᠲᠠᠵᠤ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢᠯ ᠢ 20 ᠠᠴᠠ | ᠳᠡᠭᠡᠭᠰᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | ︵ᠳᠥᠷᠪᠡ︶ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠤᠳᠤᠯᠤᠨ ᠨᠡᠭᠡᠭᠡᠯᠲᠡ ᠬᠢᠵᠦ ᠰᠢᠨ᠎ᠡ ᠡᠭᠦᠳᠦᠯᠲᠡ ᠭᠠᠷᠭᠠᠬᠤ ᠪᠠᠨ | ᠴᠢᠩᠭᠠᠳᠬᠠᠨ᠎ᠠ᠃ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠬᠦᠴᠢᠷ ᠠᠰᠠᠭᠤᠳᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠪᠠ ᠴᠢᠬᠤᠯᠠ | ᠶᠡᠭᠡ ᠲᠣᠨᠤᠭ ᠲᠥᠬᠦᠭᠡᠷᠦᠮᠵᠢ ᠳᠤ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠪᠠᠨ ᠲᠦᠷᠭᠡᠳᠬᠡᠵᠦ᠂ ᠤᠰᠤ ᠠᠷᠪᠢᠯᠠᠬᠤ᠂ ᠬᠥᠮᠥᠨ ᠤ ᠬᠦᠴᠦ ᠪᠠᠷ ᠪᠣᠷᠣᠭᠠᠨ | ᠨᠡᠮᠡᠭᠳᠡᠭᠦᠯᠬᠦ ᠵᠡᠷᠭᠡ ᠲᠠᠯ᠎ᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠢᠳᠡᠪᠬᠢᠲᠡᠢ ᠠᠬᠢᠭᠤᠯᠵᠤ | ᠂ ᠤᠰᠤ ᠠᠷᠪᠢᠯᠠᠬᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠢᠴᠢ ᠰᠠᠭᠤᠷᠢ ᠪᠣᠯᠬᠤ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠯ᠎ᠠ ᠳᠤ ᠮᠡᠳᠡᠯᠭᠡ ᠥᠮᠴᠢᠯᠡᠬᠦ | ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠨᠦᠬᠡᠴᠡᠯᠡᠯᠲᠡ ᠶᠢ ᠰᠠᠶᠢᠲᠤᠷ ᠬᠢᠨ᠎ᠡ᠃ ᠣᠭᠲᠠᠷᠭᠤᠢ ᠳᠠᠬᠢ ᠡᠭᠦᠯᠡᠨ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ | ᠪᠠ ᠴᠠᠭ ᠠᠭᠤᠷ ᠢ ᠰᠢᠨᠵᠢᠵᠦ ᠤᠰᠤ ᠠᠷᠪᠢᠯᠠᠵᠤ ᠤᠰᠤᠯᠠᠬᠤ ᠣᠶᠤᠨᠴᠢ ᠮᠡᠷᠭᠡᠵᠢᠯ ᠢ ᠳᠡᠯᠭᠡᠷᠡᠭᠦᠯᠬᠦ ᠪᠠᠨ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ᠂ ᠠᠭᠠᠷ | ᠪᠠ ᠭᠠᠵᠠᠷ ᠢ ᠬᠠᠮᠲᠤᠷᠠᠭᠤᠯᠵᠤ ᠪᠣᠷᠣᠭᠠᠨ ᠨᠡᠮᠡᠭᠳᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠪᠣᠷᠣᠭᠠᠨ ᠤ ᠦᠶᠡᠷ ᠤᠨ ᠡᠬᠢ ᠰᠤᠷᠪᠤᠯᠵᠢ ᠶᠢ ᠠᠰᠢᠭᠯᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠴᠢᠨᠠᠷᠲᠠᠢ ᠪᠠᠷ ᠤᠰᠤ ᠨᠥᠭᠡᠴᠡᠯᠡᠬᠦ ᠪᠠ ᠪᠣᠷᠣᠭᠠᠨ ᠤ ᠦᠶᠡᠷ ᠤᠨ ᠡᠬᠢ | ᠰᠤᠷᠪᠤᠯᠵᠢ ᠶᠢ ᠠᠰᠢᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠭᠠᠩ ᠲᠠᠢ ᠲᠡᠮᠡᠴᠡᠬᠦ ᠪᠠ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ︶ | ᠠᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠳᠠᠶᠢᠴᠢᠨ ᠨᠥᠬᠦᠷ ᠪᠥᠬᠦ ᠣᠷᠣᠨ ᠤ ᠤᠰᠤ ᠠᠷᠪᠢᠯᠠᠬᠤ ᠠᠵᠢᠯᠯᠠᠭᠠᠨ ᠢ ᠨᠢᠭᠡᠳᠦᠯᠲᠡᠢ ᠲᠥᠯᠥᠪᠯᠡᠵᠦ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠠᠵᠢᠯ ᠲᠦᠷᠦᠯ ᠢ | ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠬᠤᠳᠠ ᠬᠥᠳᠡᠭᠡ ᠶᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ︾ | ᠱᠠᠭᠠᠷᠳᠠᠯᠭ᠎ᠠ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠤᠰᠤ | ᠠᠷᠪᠢᠯᠠᠬᠤ ᠠᠵᠢᠯᠯᠠᠭᠠᠨ ᠤ ᠡᠯ᠎ᠡ ᠵᠦᠢᠯ ᠤᠨ ᠡᠭᠦᠷᠭᠡ ᠶᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠭᠠᠷᠭᠠᠬᠤ ᠪᠠᠷ ᠬᠦᠴᠦ ᠪᠠᠨ ᠬᠠᠮᠲᠤᠳᠬᠠᠨ | ᠠᠬᠢᠭᠤᠯᠤᠨ᠎ᠠ᠃ ᠮᠦᠷᠳᠡᠨ ᠳᠠᠭᠠᠬᠤ᠂ ᠲᠣᠬᠢᠷᠠᠭᠤᠯᠤᠯᠲᠠ ᠬᠢᠬᠦ᠂ ᠨᠡᠪᠲᠡᠷᠡᠭᠦᠯᠦᠨ ᠮᠡᠳᠡᠭᠡᠯᠡᠬᠦ᠂ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠠᠬᠢᠴᠠ ᠪᠠᠷ ᠤᠳᠠᠭᠠᠪᠲᠤᠷ ᠪᠠᠶᠢᠪᠠᠯ ᠨᠡᠪᠲᠡᠷᠡᠭᠦᠯᠦᠨ ᠮᠡᠳᠡᠭᠡᠯᠡᠵᠦ᠂ ᠠᠰᠠᠭᠤᠳᠠᠯ ᠨᠢ ᠬᠦᠨᠳᠦ | ᠨᠣᠴᠢᠲᠠᠢ ᠪᠠᠶᠢᠪᠠᠯ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | ︵ᠬᠤᠶᠠᠷ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠲᠤᠰᠬᠠᠢ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠨ ᠤᠰᠤᠨ ᠤ ᠡᠬᠢ ᠰᠤᠷᠪᠤᠯᠵᠢ ᠶᠢ | ᠠᠷᠪᠢᠲᠠᠢ ᠡᠷᠴᠢᠮᠲᠡᠢ ᠠᠰᠢᠭᠯᠠᠬᠤ ᠲᠥᠷᠥᠯ ᠵᠦᠢᠯ ᠢ ᠳᠡᠮᠵᠢᠵᠦ᠂ ᠤᠰᠤᠨ ᠤ ᠡᠬᠢ ᠰᠤᠷᠪᠤᠯᠵᠢ ᠶᠢ ᠠᠷᠪᠢᠲᠠᠢ ᠥᠨᠳᠥᠷ ᠪᠦᠲᠦᠮᠵᠢᠲᠡᠶ ᠠᠰᠢᠭᠯᠠᠬᠤ ᠲᠠᠯ᠎ᠠ ᠳᠤ ᠪᠡᠯᠡ | ᠣᠷᠣᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠳᠠᠬᠢᠯᠲᠠ ᠤᠰᠤ ᠶᠢ ᠠᠰᠢᠭᠯᠠᠬᠤ ᠪᠠᠷ | ᠲᠣᠬᠢᠷᠠᠭᠤᠯᠤᠨ ᠳᠦᠬᠦᠷᠵᠢᠭᠦᠯᠬᠦ᠂ ᠤᠰᠤ ᠠᠷᠪᠢᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠬᠢ ᠣᠷᠣᠭᠤᠯᠤᠯᠲᠠ ᠪᠠᠨ ᠭᠤᠣᠯᠳᠠᠯᠭ᠎ᠠ ᠲᠠᠢ | ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠢ ᠰᠠᠶᠢᠲᠤᠷ | ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠤᠰᠤ ᠠᠷᠪᠢᠯᠠᠬᠤ | ᠲᠠᠯ᠎ᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠢ ᠥᠷᠭᠡᠵᠢᠭᠦᠯᠦᠨ᠂ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ | ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠢᠳᠡᠪᠬᠢᠲᠡᠢ ᠣᠷᠣᠯᠴᠠᠭᠤᠯᠵᠤ᠂ ᠤᠰᠤ ᠠᠷᠪᠢᠯᠠᠵᠤ | ᠬᠥᠭᠵᠢᠭᠦᠯᠬᠦ ᠶᠢᠨ ᠰᠢᠨ᠎ᠡ ᠬᠥᠳᠡᠯᠭᠡᠭᠴᠢ ᠴᠢᠳᠠᠪᠤᠷᠢ ᠶᠢ ᠨᠡᠮᠡᠭᠳᠡᠭᠦᠯᠦᠨ᠎ᠡ᠃ | ︵ᠭᠤᠷᠪᠠ︶ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠳᠡᠯᠡᠬᠡᠢ ᠶᠢᠨ ᠤᠰᠤᠨ ᠤ ᠡᠳᠦᠷ᠂ ᠳᠤᠮᠳᠠᠳᠤ | ᠤᠯᠤᠰ ᠤᠨ ᠤᠰᠤᠨ ᠤ ᠭᠠᠷᠠᠭ᠂ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ᠂ ᠣᠯᠠᠨ | ᠶᠠᠩᠵᠤ ᠬᠡᠯᠪᠡᠷᠢ ᠶᠢᠨ᠂ ᠣᠷᠣᠨ ᠨᠤᠲᠤᠭ ᠤᠨ ᠪᠠ ᠠᠵᠢᠯ ᠲᠥᠷᠥᠯ ᠤᠨ ᠣᠨᠴᠠᠯᠢᠭ ᠪᠦᠬᠦᠢ ᠤᠰᠤ ᠠᠷᠪᠢᠯᠠᠬᠤ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠢᠳᠡᠪᠬᠢᠲᠡᠢ ᠲᠥᠰᠥᠪᠯᠡᠨ ᠥᠷᠨᠢᠭᠦᠯᠦᠨ᠎ᠡ᠃ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ ᠢ | ᠴᠣᠭᠴᠠᠯᠠᠵᠤ᠂ ᠤᠰᠤ ᠠᠷᠪᠢᠯᠠᠬᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠂ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠪᠠ | ᠳᠠᠮᠵᠢᠭᠤᠯᠵᠤ᠂ ᠤᠰᠤ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠤᠰᠤ ᠠᠷᠪᠢᠯᠠᠬᠤ ᠣᠨᠣᠯᠵᠢᠬᠤᠨ ᠮᠡᠳᠡᠯᠭᠡ ᠶᠢ ᠤᠯᠠᠮᠵᠢᠯᠠᠵᠤ᠂ | ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ︽ᠠᠷᠠᠳ ᠢᠷᠭᠡᠳ ᠤᠨ ᠤᠰᠤ ᠠᠷᠪᠢᠯᠠᠨ ᠭᠠᠮᠨᠠᠬᠤ ᠠᠵᠢᠯᠯᠠᠭᠠᠨ ᠤ ᠵᠢᠷᠤᠮᠵᠢᠯ︾ ᠢ ᠬᠠᠮᠲᠤ ᠪᠠᠷ | ᠦᠢᠯᠡᠳᠦᠯᠭᠡᠵᠢᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶ᠎ᠡ᠂ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ | ᠲᠣᠰᠬᠤᠨ ᠳᠤ ᠣᠷᠣᠭᠤᠯᠬᠤ ︽ᠲᠠᠪᠤ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠠᠴᠠ ᠡᠬᠢᠯᠡᠨ ᠠᠳᠬᠤᠵᠤ᠂ ᠨᠠᠷᠢᠨ ᠵᠦᠢᠯᠡᠰ ᠠᠴᠠ ᠭᠠᠷᠳᠠᠵᠤ᠂ | ᠨᠡᠶᠢᠭᠡᠮ ᠳᠠᠶᠠᠭᠠᠷ ᠤᠨ ᠤᠰᠤ ᠠᠷᠪᠢᠯᠠᠨ ᠭᠠᠮᠨᠠᠬᠤ ᠳᠠᠳᠬᠠᠯ ᠪᠣᠶ ᠪᠣᠯᠭᠠᠬᠤ ᠶᠢ ᠠᠬᠢᠭᠤᠯᠤᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠤᠰᠤ ᠠᠷᠪᠢᠯᠠᠬᠤ ᠠᠵᠢᠯᠯᠠᠭᠠᠨ ᠤ ᠬᠠᠷᠠᠯᠲᠠ ᠶᠢᠨ | ᠵᠠᠳᠠᠯᠤᠯᠲᠠ ᠶᠢᠨ ᠬᠦᠰᠦᠨᠦᠭᠲᠦ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ | |