ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠠᠵᠢᠯᠲᠠᠳ ᠤᠨ ᠤᠯᠤᠰ ᠤᠨ ᠠᠮᠤᠷ | ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠨᠢᠭᠤᠴᠠ ᠶᠢ ᠬᠠᠮᠠᠭᠠᠯᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ | | | | ᠬᠤᠷᠠᠯ ᠳᠡᠭᠡᠷ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠵᠤ᠂ ᠤᠯᠤᠰ ᠤᠨ | ᠠᠮᠤᠷ ᠲᠦᠪᠰᠢᠨ ᠤ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠭᠡᠳᠡᠭ ᠢ ᠣᠯᠠᠨ ᠳᠤ ᠭᠦᠨᠵᠡᠭᠡᠶ ᠲᠠᠨᠢᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠪᠣᠯ ᠠᠷᠠᠳ ᠢᠷᠭᠡᠨ ᠨᠢᠭᠡᠪᠦᠷᠢ ᠶᠢᠨ ᠲᠠᠷᠬᠠᠨ ᠡᠭᠦᠷᠭᠡ ᠬᠠᠷᠢᠭᠤᠴᠠᠯᠭ᠎ᠠ ᠮᠥᠨ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ᠳᠤ ᠴᠢᠭᠯᠡᠭᠦᠯᠦᠨ ᠭᠤᠣᠯᠳᠠᠯᠭ᠎ᠠ ᠲᠠᠢ | ᠲᠠᠶᠢᠯᠤᠮᠵᠢ ᠬᠢᠪᠡ᠃ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ ᠶᠢᠨ ᠬᠠᠤᠯᠢ ᠲᠣᠭᠲᠠᠭᠠᠭᠰᠠᠨ ᠠᠬᠤᠢ ᠪᠠᠶᠢᠳᠠᠯ᠂ ᠵᠣᠷᠢᠯᠭ᠎ᠠ᠂ ᠬᠡᠷᠡᠭᠯᠡᠬᠦ ᠬᠡᠪᠴᠢᠶ᠎ᠡ ᠠᠴᠠ | ᠠᠮᠢᠳᠤ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ᠂ ᠡᠯ᠎ᠡ ᠲᠦᠷᠦᠯ ᠤᠨ ᠠᠮᠢᠳᠤ ᠪᠣᠳᠠᠰ ᠤᠨ ᠠᠮᠤᠷ | ᠲᠦᠪᠰᠢᠨ ᠤ ᠲᠦᠭᠰᠢᠭᠦᠷᠢ ᠶᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠪᠡ᠃ ᠠᠮᠢᠳᠤ ᠪᠣᠳᠠᠰ ᠤᠨ ᠠᠮᠤᠷ | ᠲᠦᠪᠰᠢᠨ ᠨᠢ ᠤᠯᠤᠰ ᠤᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢ | ᠠᠬᠤᠶ ᠣᠷᠴᠢᠨ ᠲᠣᠭᠤᠷᠢᠨ᠂ ᠠᠮᠢᠳᠤ ᠪᠣᠳᠠᠰ ᠤᠨ ᠮᠡᠷᠭᠡᠵᠢᠯ ᠤᠨ ᠬᠥᠭᠵᠢᠯᠲᠡ ᠵᠡᠷᠭᠡ ᠬᠦᠷᠢᠶᠡᠨ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯᠲᠠᠳ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ ᠶᠢ ᠨᠠᠩ ᠭᠦᠨᠵᠡᠭᠡᠶ ᠣᠶᠢᠯᠠᠭᠠᠬᠤ ᠶᠢᠨ ᠬᠠᠮᠲᠤ | ᠴᠢᠩᠭ᠎ᠠ ᠵᠢᠷᠤᠮᠯᠠᠵᠤ᠂ ᠡᠳᠦᠷ ᠲᠤᠲᠤᠮ ᠤᠨ ᠠᠵᠢᠯ ᠤᠨ ᠳᠤᠮᠳᠠ ᠪᠠᠨ ᠠᠮᠢᠳᠤ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠭᠠᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠥᠬᠦ ᠺᠠᠳ᠋ᠷ ᠠᠵᠢᠯᠲᠠᠳ ᠤᠯᠤᠰ ᠤᠨ ᠠᠮᠤᠷ | ᠲᠦᠪᠰᠢᠨ ᠪᠠ ᠠᠮᠢᠳᠤ ᠪᠣᠳᠠᠰ ᠤᠨ ᠠᠮᠤᠷ ᠲᠦᠪᠰᠢᠨ ᠤ ᠲᠤᠬᠠᠶ ᠴᠤ᠋ ᠰᠢᠨ᠎ᠡ ᠲᠠᠨᠢᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠮᠤᠷ | ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠤᠯᠤᠰ ᠤᠨ ᠠᠮᠤᠷ ᠲᠦᠪᠰᠢᠨ ᠪᠠ ᠠᠮᠢᠳᠤ | ᠪᠣᠳᠠᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠡᠯ᠎ᠡ ᠭᠤᠭᠴᠤᠭ᠎ᠠ ᠳᠤ ᠲᠤᠤᠱᠯᠠᠭᠤᠯᠵᠤ᠂ ᠤᠯᠤᠰ ᠤᠨ | ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |