ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠠᠷᠪᠠᠳᠠᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ 4 · 15 ᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠬᠡᠯᠪᠡᠷᠢ ᠪᠠᠷ ᠦᠷᠨᠢᠭᠦᠯᠵᠦ᠂ ᠠᠮᠤᠷ ᠲᠦᠪᠰᠢᠨ ᠤ ᠤᠬᠠᠭᠤᠯᠭ᠎ᠠ ᠶᠢᠨ ᠲᠣᠤᠷ ᠢ | ᠪᠥᠬᠦ ᠲᠠᠯ᠎ᠠ ᠪᠠᠷ ᠥᠷᠨᠢᠭᠦᠯᠪᠡ᠃ ᠰᠦᠯᠵᠢᠶᠡᠨ ᠳᠡᠭᠡᠷ᠎ᠡ᠂ ᠬᠠᠤᠯᠢ ᠴᠠᠭᠠᠵᠠ ᠶᠢᠨ ᠲᠣᠪᠴᠢᠶᠠᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠠᠰᠢᠭᠯᠠᠨ | ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠩᠰᠢᠨ ᠲᠠᠶᠢᠯᠪᠤᠷᠢᠯᠠᠬᠤ ᠵᠣᠬᠢᠶᠠᠯ᠂ ᠤᠬᠠᠭᠤᠯᠭ᠎ᠠ ᠶᠢᠨ ᠵᠠᠷᠯᠠᠯ᠂ | ᠺᠠᠷᠲ᠋ᠤᠨ ᠸᠢᠳᠢᠣ᠋᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠠᠭᠤᠯᠭ᠎ᠠ ᠶᠢ ᠨᠡᠶᠢᠲᠡᠯᠡᠵᠦ᠂ ᠲᠥᠬᠦᠮ ᠣᠶᠢᠯᠠᠭᠠᠮᠵᠢᠲᠠᠶ ᠦᠭᠡ ᠬᠡᠯᠡ ᠪᠠ ᠠᠮᠢᠳᠤᠯᠢᠭ | ᠳᠦᠷᠰᠦᠯᠢᠭ ᠵᠢᠷᠤᠭ ᠢᠶᠠᠷ ᠥᠷᠭᠡᠨ ᠣᠯᠠᠨ ᠰᠦᠯᠵᠢᠶᠡᠨ ᠢᠷᠭᠡᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ | ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠶᠢ ᠬᠦᠲᠦᠯᠦᠨ ᠵᠢᠯᠣᠭᠤᠳᠪᠠ᠃ ᠰᠦᠯᠵᠢᠶᠡᠨ ᠳᠡᠭᠡᠷ᠎ᠡ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠲᠣᠭᠤᠷᠢᠭ᠂ ᠠᠭᠤᠳᠠᠮ ᠲᠠᠯᠠᠪᠠᠶ᠂ | ᠬᠤᠳᠠᠯᠳᠤᠭᠠᠨ ᠤ ᠳᠡᠯᠭᠡᠭᠦᠷ ᠵᠡᠷᠭᠡ ᠲᠠᠯᠠᠪᠤᠷ ᠲᠤ ᠤᠬᠠᠭᠤᠯᠭ᠎ᠠ ᠬᠢᠵᠦ᠂ ᠭᠤᠤᠯ ᠰᠡᠳᠦᠪᠲᠦ ᠵᠠᠷᠯᠠᠯ ᠨᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠳᠤ ︽ | ᠤᠯᠤᠰ ᠤᠨ ᠠᠮᠤᠷ ᠲᠦᠪᠰᠢᠨ ᠤ ᠬᠠᠤᠯᠢ︾᠂ ︽ᠨᠢᠭᠤᠴᠠ ᠶᠢ ᠬᠠᠮᠠᠭᠠᠯᠠᠬᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠬᠤᠪᠢ ᠬᠥᠮᠦᠨ ᠤ ᠮᠡᠳᠡᠭᠡ ᠵᠠᠩᠭᠢ ᠶᠢ ᠬᠡᠷᠬᠢᠨ | ᠬᠠᠮᠠᠭᠠᠯᠠᠬᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠣᠯᠵᠤ | ᠮᠡᠳᠡᠬᠦ ᠦᠶ᠎ᠡ ᠳᠤ ᠬᠡᠷᠬᠢᠨ ᠢᠯᠡᠴᠢᠯᠡᠨ ᠮᠡᠳᠡᠭᠦᠯᠬᠦ ᠶᠢ ᠲᠠᠶᠢᠯᠪᠤᠷᠢᠯᠠᠵᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠤᠭᠰᠠᠨ ᠥᠬᠡᠶ ᠰᠡᠷᠭᠡᠭ ᠮᠡᠳᠡᠭᠡ ᠵᠠᠩᠭᠢ ᠶᠢ | ᠳᠤᠷ᠎ᠠ ᠪᠠᠷ ᠳᠠᠮᠵᠢᠭᠤᠯᠤᠨ ᠲᠠᠷᠬᠠᠭᠠᠬᠤ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠤ | ᠲᠤᠬᠠᠶ ᠲᠠᠨᠢᠨ ᠮᠡᠳᠡᠬᠦ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | ᠤᠯᠤᠰ ᠤᠨ ᠠᠮᠤᠷ ᠲᠥᠪᠰᠢᠨ ᠳᠤ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠬᠤ ᠬᠡᠷᠡᠭᠲᠡᠢ᠃ ᠬᠠᠤᠯᠢ ᠴᠠᠭᠠᠵᠠ ᠶᠢᠨ ᠲᠣᠪᠴᠢᠶ᠎ᠠ ︽4 · 15︾ | ᠢᠶᠠᠷ ᠠᠵᠠ ᠲᠣᠬᠢᠶᠠᠯ ᠪᠣᠯᠭᠠᠨ᠂ ᠤᠯᠤᠰ ᠤᠨ ᠠᠮᠤᠷ ᠲᠦᠪᠰᠢᠨ ᠢ ᠦᠷᠭᠦᠯᠵᠢᠯᠡᠨ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠵᠤ᠂ ︽ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠨ᠎ᠡ᠃ | | | |