ᠦᠨ᠎ᠡ ᠨᠢ 50% ᠭᠠᠷᠤᠢ ᠪᠠᠷ ᠥᠰᠴᠡᠶ︕
ᠨᠡᠶᠢᠲᠡᠯᠡᠭᠰᠡᠨ ᠴᠠᠭ᠄
2025/4/17
      ᠮᠠᠨ ᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠤᠮᠤ ᠬᠤᠸᠠᠷ ᠴᠡᠴᠡᠭ ᠦᠢᠯᠡᠳᠪᠦᠷᠢᠯᠡᠳᠡᠭ ᠤᠯᠤᠰ ᠪᠤᠯᠬᠤ ᠪᠦᠭᠡᠳ ᠪᠠᠰᠠ ᠳᠡᠯᠡᠬᠡᠢ ᠶᠢᠨ ᠴᠢᠬᠤᠯᠠ ᠬᠤᠸᠠᠷ ᠴᠡᠴᠡᠭ ᠤᠨ ᠠᠷᠠᠯᠵᠢᠶᠠᠨ ᠤ ᠤᠯᠤᠰ ᠪᠤᠯᠤᠨ᠎ᠠ᠃ ᠳᠤᠮᠳᠠᠳᠤ ᠤᠯᠤᠰ ᠤᠨ ᠬᠤᠸᠠᠷ ᠴᠡᠴᠡᠭ ᠤᠨ ᠨᠡᠶᠢᠭᠡᠮᠯᠢᠭ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠮᠠᠨ ᠤ ᠤᠯᠤᠰ ᠤᠨ ᠬᠤᠸᠠᠷ ᠴᠡᠴᠡᠭ ᠤᠨ ᠭᠠᠳᠠᠭᠠᠳᠤ ᠠᠷᠠᠯᠵᠢᠶ᠎ᠠ ᠦᠷᠭᠦᠯᠵᠢᠯᠡᠨ ᠨᠡᠮᠡᠭᠳᠡᠵᠦ᠂ 1 ᠰᠠᠷ᠎ᠠ ᠠᠴᠠ 2 ᠰᠠᠷ᠎ᠠ ᠪᠣᠯᠲᠠᠯ᠎ᠠ 1.03 ᠳ᠋ᠦᠩᠰᠢᠭᠤᠷ ᠳ᠋ᠣᠯᠯᠠᠷ ᠬᠤᠸᠠᠷ ᠴᠡᠴᠡᠭ ᠭᠠᠳᠠᠭᠠᠳᠤ ᠳᠤ ᠭᠠᠷᠭᠠᠪᠠ᠃      ᠳᠤᠮᠳᠠᠳᠤ ᠤᠯᠤᠰ ᠤᠨ 10 ᠰᠣᠷᠭᠤᠭ ᠴᠡᠴᠡᠭ ᠪᠦᠷᠢ ᠶᠢᠨ 7 ᠨᠢ ᠶᠦᠨᠨᠠᠨ ᠠᠴᠠ ᠢᠷᠡᠭᠰᠡᠨ ᠶᠤᠮ᠃ ᠶᠦᠨᠨᠠᠨ ᠨᠢ ᠳᠡᠯᠡᠬᠡᠶ ᠶᠢᠨ ᠬᠤᠸᠠᠷ ᠴᠡᠴᠡᠭ ᠤᠨ ᠭᠤᠷᠪᠠᠨ ᠶᠡᠭᠡ ᠭᠤᠤᠯ ᠭᠠᠷᠤᠯᠲᠠ ᠶᠢᠨ ᠣᠷᠣᠨ ᠤ ᠨᠢᠭᠡ ᠪᠣᠯᠬᠤ ᠪᠠᠷ ᠪᠠᠷᠠᠬᠤ ᠥᠬᠡᠶ᠂ ᠪᠠᠰᠠ ᠠᠽᠢᠶ᠎ᠠ ᠲᠢᠪ ᠤᠨ ᠬᠠᠮᠤᠭ ᠤᠨ ᠲᠣᠮᠣ ᠬᠤᠸᠠᠷ ᠴᠡᠴᠡᠭ ᠤᠨ ᠠᠷᠠᠯᠵᠢᠶᠠᠨ ᠤ ᠲᠥᠪᠯᠡᠷᠡᠭᠦᠯᠦᠨ ᠲᠠᠷᠬᠠᠭᠠᠬᠤ ᠲᠥᠪ ᠪᠣᠯᠤᠨ᠎ᠠ᠃      ᠺᠦᠨᠮᠢᠩ ᠤᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 2 ᠰᠠᠷ᠎ᠠ ᠳᠤ᠂ ᠶᠦᠨᠨᠠᠨ ᠤ ᠭᠠᠳᠠᠭᠠᠳᠤ ᠳᠤ ᠭᠠᠷᠭᠠᠭᠰᠠᠨ ᠰᠣᠷᠭᠤᠭ ᠴᠡᠴᠡᠭ 1.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 52.3% ᠪᠠᠷ ᠨᠡᠮᠡᠭᠳᠡᠵᠦ᠂ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠦ᠂ ᠰᠣᠷᠭᠤᠭ ᠴᠡᠴᠡᠭ ᠤᠨ ᠵᠢᠯ ᠤᠨ ᠭᠠᠳᠠᠭᠠᠳᠤ ᠳᠤ ᠭᠠᠷᠭᠠᠭᠰᠠᠨ ᠥᠷᠲᠡᠭ ᠨᠢ ᠨᠢᠭᠡᠨᠲᠡ 6 ᠵᠢᠯ ᠳᠠᠷᠠᠭᠠᠯᠠᠨ ᠪᠥᠬᠦ ᠤᠯᠤᠰ ᠤᠨ ᠲᠡᠷᠢᠭᠦᠨ ᠳᠤ ᠣᠷᠣᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ