ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/4/17
    ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16  ᠤ ᠴᠠᠭᠢᠯᠭᠠᠨ ᠮᠡᠳᠡᠭᠡ  4 ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃    ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠢ ᠰᠠᠶᠢᠳ ᠤᠨ ᠣᠷᠳᠣᠨ ᠳᠤ ᠬᠦᠷᠬᠦ ᠳᠤ ᠠᠨᠸᠠᠷ ᠬᠠᠯᠠᠭᠤᠨ ᠢᠶᠠᠷ ᠤᠭᠲᠤᠪᠠ᠃ ᠮᠠᠯᠠᠶᠢᠰᠢᠶ᠎ᠠ ᠶᠢᠨ ᠵᠠᠯᠠᠭᠤᠴᠤᠳ ᠪᠠᠭᠠᠴᠤᠳ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠭᠦᠷ ᠬᠥᠭᠵᠢᠶᠡᠨ ᠲᠠᠢ ᠬᠡᠩᠭᠡᠷᠭᠡᠨ ᠬᠥᠭᠵᠢᠮ ᠢ ᠬᠠᠩᠭᠢᠨᠠᠭᠤᠯᠵᠤ᠂ ᠣᠷᠭᠢᠯᠤᠮ᠎ᠠ ᠰᠡᠳᠬᠢᠯᠭᠡ ᠲᠠᠢ ᠦᠨᠳᠦᠰᠦᠲᠡᠨ ᠤ ᠪᠥᠵᠢᠭ ᠢ  ᠪᠥᠵᠢᠭᠯᠡᠵᠦ᠂ ᠠᠯᠤᠰ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠨ ᠢᠶᠠᠨ ᠬᠠᠯᠠᠭᠤᠨ ᠢᠶᠠᠷ ᠤᠭᠲᠤᠪᠠ᠃
4.17安瓦尔1.jpg
    4  ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ᠂ ᠳᠤᠮᠳᠠᠳᠤ ᠮᠠᠯᠠᠶᠢᠰᠢᠶ᠎ᠠ ᠶᠢᠨ ᠤᠯᠠᠮᠵᠢᠯᠠᠯᠲᠤ ᠨᠥᠬᠦᠷᠯᠡᠯ ᠮᠢᠩᠭᠠᠨ ᠣᠨ ᠢ ᠲᠤᠭᠤᠯᠪᠠ᠃ ᠬᠤᠶᠠᠷ ᠤᠯᠤᠰ ᠤᠨ ᠨᠥᠬᠦᠷᠯᠡᠯ ᠥᠨᠢ ᠤᠳᠠᠭᠠᠨ ᠲᠡᠦᠬᠡᠨ ᠶᠠᠪᠤᠴᠠ ᠳᠤ ᠪᠤᠢ ᠪᠣᠯᠵᠤ᠂ ᠰᠣᠶᠣᠯ ᠤᠨ ᠠᠭᠤᠰᠤᠯᠴᠠᠯ ᠤᠨ ᠳᠤᠮᠳᠠ ᠦᠰᠦᠨ ᠪᠣᠶᠢᠵᠢᠵᠤ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭᠲᠠᠢ ᠪᠠᠶᠢᠬᠤ ᠳᠤᠮᠳᠠ ᠪᠠᠬᠢᠵᠢᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠳᠤᠮᠳᠠ ᠭᠦᠨᠵᠡᠭᠡᠶᠢᠷᠡᠵᠦ᠂ ᠰᠡᠳᠬᠢᠯ ᠰᠠᠨᠠᠭ᠎ᠠ ᠪᠠᠨ ᠣᠯᠣᠯᠴᠠᠬᠤ᠂ ᠦᠨᠡᠨᠴᠢ ᠪᠠᠷ ᠬᠠᠨᠳᠤᠬᠤ᠂ ᠵᠢᠷᠤᠮ ᠢ ᠡᠷᠭᠢᠮᠯᠡᠭᠦ᠂ ᠡᠶ᠎ᠡ ᠨᠠᠶᠢᠷ ᠢ ᠳᠡᠭᠡᠳᠦᠯᠡᠬᠦ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠢᠯᠡᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠲᠡᠦᠬᠡ ᠶᠢᠨ ᠤᠶᠤᠨ ᠤᠬᠠᠭᠠᠨ ᠪᠣᠯᠣᠨ ᠰᠥᠰᠥ ᠵᠣᠷᠢᠭ ᠢ ᠢᠯᠡᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠡᠷᠬᠢᠮ ᠨᠠᠨᠳᠢᠨ ᠥᠪ ᠬᠥᠷᠥᠩᠭᠡ ᠪᠣᠯᠤᠭᠰᠠᠨ ᠪᠠᠶᠢᠨ᠎ᠠ᠃ ᠨᠢᠳᠤᠨᠤᠨ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠨ ᠦᠪᠡᠳᠡᠭᠰᠢ ᠶᠡᠭᠡ ᠪᠠᠷ ᠪᠡᠯᠭᠡᠯᠡᠪᠡ᠃ ᠥᠩᠭᠡᠷᠡᠭᠰᠡᠨ 50 ᠵᠢᠯ ᠳᠤ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠂ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ 50 ᠵᠢᠯ ᠳᠤ ᠲᠡᠦᠬᠡ ᠶᠢᠨ ᠰᠠᠨᠠᠭᠠᠴᠢᠯᠠᠭ᠎ᠠ ᠶᠢ ᠦᠷᠭᠦᠯᠵᠢᠯᠡᠨ ᠡᠵᠡᠮᠳᠡᠵᠦ᠂ ᠴᠠᠭ ᠦᠶ᠎ᠡ ᠶᠢᠨ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠬᠥᠭᠵᠢᠯ ᠴᠡᠴᠡᠭᠯᠡᠯ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠭᠤᠷᠪᠠᠨ ᠲᠠᠯ᠎ᠠ ᠶᠢᠨ ᠰᠠᠨᠠᠯ ᠳᠤᠷᠠᠳᠪᠠ᠃    ᠨᠢᠭᠡ ᠳᠤ᠂ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠴᠥᠮ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠳᠠᠭᠠᠳᠤ ᠶᠢᠨ ᠭᠠᠷ ᠲᠦᠷᠦᠭᠦ ᠶᠢ ᠡᠰᠡᠷᠭᠦᠴᠡᠵᠦ᠂ ᠦᠷᠭᠦᠯᠵᠢᠯᠡᠨ ᠭᠠᠷ ᠬᠤᠯᠪᠣᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠢᠷᠡᠭᠡᠳᠦᠢ ᠬᠤᠪᠢ ᠵᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ︽2 + 2︾ ᠶᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠤᠯᠤᠰ ᠤᠨ ᠠᠮᠤᠷ ᠲᠦᠪᠰᠢᠨ᠂ ᠰᠡᠷᠭᠡᠶᠢᠯᠡᠨ ᠬᠠᠮᠠᠭᠠᠯᠠᠬᠤ ᠠᠵᠢᠯ᠂ ᠬᠠᠤᠯᠢ ᠬᠡᠷᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠶ᠎ᠡ᠃    ᠬᠤᠶᠠᠷ ᠲᠤ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ ᠴᠢᠷᠮᠠᠶᠢᠵᠤ᠂ ᠮᠠᠯᠠᠶᠢᠰᠢᠶ᠎ᠠ ᠶᠢᠨ ︽ᠴᠠᠩᠮᠢᠩ ᠤᠨ ᠠᠵᠤ ᠠᠬᠤᠢ︾ ᠶᠢᠨ ᠲᠥᠯᠥᠪᠯᠡᠭᠡ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠲᠠᠯᠠᠢ ᠲᠠᠩᠭᠢᠰ ᠤᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠤᠰᠢᠭᠤᠷᠠᠯ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ᠂ ᠲᠤᠭ᠎ᠠ ᠪᠠᠷᠢᠮᠲᠠ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠶ᠎ᠠ᠃ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠤᠶ᠎ᠠ᠃ ᠲᠡᠮᠦᠷ ᠵᠠᠮ ᠪᠠ ᠲᠠᠯᠠᠢ ᠲᠠᠩᠭᠢᠰ ᠤᠨ ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠪᠡᠶᠡᠯᠡᠭᠦᠯᠵᠦ᠂ ᠮᠠᠯᠠᠶᠢᠰᠢᠶ᠎ᠠ ᠶᠢᠨ ᠴᠢᠬᠤᠯᠠ ᠭᠠᠷᠠᠮ ᠢ ︽ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ︾ ᠤᠨ ᠴᠢᠬᠤᠯᠠ ᠬᠦᠢᠰᠦ ᠪᠣᠯᠭᠠᠨ ᠪᠠᠶᠢᠭᠤᠯᠤᠶ᠎ᠠ᠃    ᠭᠤᠷᠪᠠ ᠳᠤ᠂ ᠦᠶ᠎ᠡ ᠦᠶ᠎ᠡ ᠶᠢᠨ ᠨᠥᠬᠦᠷᠯᠡᠯ ᠢ ᠤᠯᠠᠮᠵᠢᠯᠠᠵᠤ᠂ ᠪᠣᠯᠪᠠᠰᠤᠨ ᠤ ᠰᠣᠯᠢᠯᠴᠠᠭ᠎ᠠ ᠪᠠ ᠬᠠᠷᠢᠯᠴᠠᠨ ᠲᠣᠯᠢ ᠪᠤᠯᠭᠠᠬᠤ ᠶᠢ ᠭᠦᠨᠵᠡᠭᠡᠶᠢᠷᠡᠭᠦᠯᠦᠶ᠎ᠡ᠃ ︽ᠺᠦᠩᠽᠢ ᠶᠢᠨ ᠰᠤᠷᠭᠠᠯ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠤᠯᠤᠰ ᠴᠢᠨᠠᠭᠰᠢᠯᠠᠪᠠᠯ ᠭᠠᠵᠠᠷ ᠣᠷᠣᠨ ᠤ ᠳᠠᠪᠬᠤᠷᠭ᠎ᠠ ᠶᠢᠨ ᠪᠣᠯᠪᠠᠰᠤᠨ ᠤ ᠰᠣᠯᠢᠯᠴᠠᠭᠠᠨ ᠤ ᠲᠠᠪᠴᠠᠩ ᠢ ᠭᠠᠷ ᠬᠤᠯᠪᠣᠨ ᠴᠣᠭᠴᠠᠯᠠᠶ᠎ᠠ᠃ ᠬᠠᠷᠢᠯᠴᠠᠨ ᠸᠢᠰᠠ ᠶᠢ ᠬᠡᠯᠲᠦᠷᠢᠭᠦᠯᠬᠦ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠪᠠᠷ ᠠᠵᠠ ᠲᠣᠭᠢᠶᠠᠯ ᠪᠤᠯᠭᠠᠵᠤ᠂ ᠵᠢᠭᠤᠯᠴᠢᠯᠠᠯ᠂ ᠵᠠᠯᠠᠭᠤᠴᠤᠳ᠂ ᠣᠷᠣᠨ ᠨᠤᠲᠤᠭ ᠤᠨ ᠰᠣᠯᠢᠯᠴᠠᠭ᠎ᠠ ᠶᠢ ᠶᠡᠭᠡ ᠪᠠᠷ ᠥᠷᠨᠢᠭᠦᠯᠵᠦ᠂ ᠰᠣᠶᠣᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠺᠢᠨᠣ᠋᠂ ᠵᠠᠭᠤᠴᠢᠯᠠᠭᠤᠷ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠮᠠᠯᠠᠶᠢᠰᠢᠶ᠎ᠠ ᠶᠢᠨ ᠲᠠᠯ᠎ᠠ ᠲᠠᠢ ᠮᠠᠯᠤᠷ ᠥᠲᠡᠭᠡ ᠶᠢ ᠬᠠᠮᠠᠭᠠᠯᠠᠬᠤ ᠬᠠᠮᠲᠤᠷᠠᠯᠴᠠᠭᠠᠨ ᠤ ᠰᠤᠳᠤᠯᠭᠠᠨ ᠢ ᠦᠷᠭᠦᠯᠵᠢᠯᠡᠨ ᠰᠠᠶᠢᠲᠤᠷ ᠥᠷᠨᠢᠭᠦᠯᠦᠨ᠎ᠡ᠃    ᠰᠢ ᠶᠢᠨ ᠫᠢᠩ᠂ ᠮᠠᠯᠠᠶᠢᠰᠢᠶ᠎ᠠ ᠶᠢᠨ ᠬᠢᠨ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠰᠡᠳᠦᠪ ᠢ ︽ᠪᠠᠭᠲᠠᠭᠠᠮᠵᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ︾ ᠭᠡᠵᠦ ᠲᠣᠭᠲᠠᠭᠠᠭᠰᠠᠨ ᠨᠢ ᠴᠠᠭ ᠤᠨ ᠪᠠᠶᠢᠳᠠᠯ ᠤᠨ ᠲᠤᠬᠠᠢ ᠭᠦᠨᠵᠡᠭᠡᠢ ᠠᠵᠢᠭᠯᠠᠯᠲᠠ ᠶᠢ ᠢᠯᠡᠷᠡᠭᠦᠯᠪᠡ᠃ ᠳᠤᠮᠳᠠᠳᠤ ᠤᠯᠤᠰ ᠮᠠᠯᠠᠶᠢᠰᠢᠶ᠎ᠠ ᠶᠢᠨ ᠬᠢᠨ ᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠳᠤᠷᠠᠲᠠᠶ᠎ᠠ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠢ ᠲᠡᠰ ᠳᠡᠪᠰᠢᠭᠦᠯᠬᠦ ᠵᠥᠪᠯᠡᠯᠴᠡᠭᠡᠷ ᠤᠨ ᠪᠢᠴᠢᠭ ᠲᠤ ᠡᠷᠲᠡᠬᠡᠨ ᠭᠠᠷ ᠤᠨ ᠦᠰᠦᠭ ᠵᠢᠷᠤᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠪᠦᠯᠬᠦᠮᠳᠡᠨ ᠬᠠᠮᠲᠤᠷᠠᠯᠴᠠᠬᠤ ᠪᠠᠷ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ︾᠂ ︽ᠪᠠᠭ᠎ᠠ ᠬᠦᠷᠢᠶ᠎ᠡ ᠥᠨᠳᠥᠷ ᠬᠡᠷᠡᠮ︾ ᠪᠣᠯᠣᠨ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠶᠢ ᠬᠤᠷᠢᠭᠯᠠᠵᠤ᠂ ᠡᠩᠬᠡ ᠲᠠᠶᠢᠪᠤᠩ᠂ ᠬᠠᠮᠲᠤᠷᠠᠯᠴᠠᠬᠤ᠂ ᠨᠡᠭᠡᠭᠡᠯᠲᠡᠲᠡᠢ᠂ ᠪᠠᠭᠲᠠᠭᠠᠮᠵᠢᠲᠠᠢ ᠠᠽᠢᠶ᠎ᠠ ᠲᠢᠪ ᠤᠨ ᠦᠷᠳᠡᠭ ᠤᠨ ᠦᠵᠡᠯᠲᠡ ᠪᠠᠷ ᠪᠠᠭᠤᠷᠠᠢ ᠨᠢ ᠬᠦᠴᠦᠷᠬᠡᠭ ᠲᠡᠭᠡᠨ ᠳᠣᠷᠣᠮᠵᠢᠯᠠᠭᠳᠠᠵᠤ ᠵᠠᠯᠭᠢᠭᠳᠠᠬᠤ ᠤᠢ ᠰᠢᠭᠤᠢ ᠶᠢᠨ ᠵᠢᠮ᠎ᠡ ᠬᠠᠤᠯᠢ ᠳᠤ ᠬᠠᠷᠢᠭᠤᠯᠲᠠ ᠥᠭᠴᠦ᠂ ᠠᠽᠢᠶ᠎ᠠ ᠲᠢᠪ ᠤᠨ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ ᠴᠢᠨᠠᠷ ᠢᠶᠠᠷ ᠳᠡᠯᠡᠬᠡᠢ ᠶᠢᠨ ᠲᠣᠭᠲᠠᠪᠤᠷᠢᠲᠤ ᠪᠤᠰᠤ ᠪᠠ ᠲᠣᠬᠲᠠᠭᠠᠯᠲᠤ ᠪᠤᠰᠤ ᠪᠠᠶᠢᠳᠠᠯ ᠢ ᠠᠷᠭᠠᠴᠠᠭᠠᠨ᠎ᠠ ᠭᠡᠵᠦ ᠵᠢᠭᠠᠵᠤ ᠭᠠᠷᠭᠠᠪᠠ᠃
4.17安瓦尔2.jpg
    4  ᠰᠠᠷ᠎ᠠ ᠶᠢᠨ 16 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ᠶᠡᠷᠦᠩᠬᠡᠢ ᠰᠠᠶᠢᠳ ᠠᠨᠸᠠᠷ ᠲᠠᠢ ᠪᠦᠲ᠋ᠧᠯᠠᠵᠢᠶᠠᠶᠠ ᠶᠢᠨ ᠶᠡᠷᠦᠩᠬᠡᠢ ᠰᠠᠶᠢᠳ ᠤᠨ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ  ᠰᠡᠭᠦᠳᠡᠷᠯᠡᠪᠡ    ᠠᠨᠸᠠᠷ ᠲᠡᠷᠢᠭᠦᠯᠡᠭᠴᠢ ᠰᠢ ᠶᠢᠨ ᠫᠢᠩ ᠤᠨ ᠮᠠᠯᠠᠶᠢᠰᠢᠶ᠎ᠠ ᠳᠤ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠵᠤ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠦᠨᠡᠨ ᠰᠡᠳᠬᠢᠯ ᠠᠴᠠ ᠪᠠᠨ ᠮᠠᠯᠠᠶᠢᠰᠢᠶ᠎ᠠ ᠶᠢ ᠬᠠᠪᠰᠤᠷᠴᠤ᠂ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠮᠠᠯᠠᠶᠢᠰᠢᠶ᠎ᠠ ᠶᠢᠨ ᠨᠠᠶᠢᠳᠠᠪᠤᠷᠢᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠵᠤ᠂ ᠬᠠᠮᠲᠤ ᠪᠠᠷ ᠴᠡᠴᠡᠭᠯᠡᠨ ᠬᠥᠭᠵᠢᠬᠦ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠶᠢ ᠰᠠᠨᠠᠭᠠᠴᠢᠯᠠᠭᠰᠠᠨ ᠤᠳᠤ ᠶᠢᠨ ᠳᠡᠯᠡᠬᠡᠢ ᠶᠢᠨ ᠭᠠᠷᠮᠠᠭᠠᠢ ᠤᠳᠤᠷᠢᠳᠬᠤ ᠬᠥᠮᠥᠨ ᠮᠥᠨ᠃ ᠮᠠᠯᠠᠶᠢᠰᠢᠶ᠎ᠠ ᠶᠢᠨ ᠠᠷᠠᠳ ᠲᠦᠮᠡᠨ ᠳᠤᠮᠳᠠᠳᠤ ᠤᠯᠤᠰ ᠪᠣᠯᠣᠨ ᠲᠡᠷᠢᠭᠦᠯᠡᠭᠴᠢ ᠰᠢ ᠶᠢᠨ ᠫᠢᠩ ᠢ ᠪᠢᠰᠢᠷᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠣᠯᠣᠭᠰᠠᠨ ᠰᠢᠨ᠎ᠡ ᠲᠡᠮᠳᠡᠭᠯᠡᠯ ᠢ ᠡᠭᠦᠳᠦᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠨᠢ ᠮᠠᠯᠠᠶᠢᠰᠢᠶ᠎ᠠ ᠶᠢᠨ ᠲᠠᠯ᠎ᠠ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠮᠠᠯᠠᠶᠢᠰᠢᠶ᠎ᠠ ᠶᠢᠨ ᠬᠢᠨ ᠶᠡᠬᠡᠳᠡ ᠵᠣᠷᠢᠭᠵᠢᠪᠠ᠃ ᠮᠠᠯᠠᠶᠢᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠠᠮᠠᠷᠪᠠ ᠠᠵᠢᠯᠯᠠᠭ᠎ᠠ ᠶᠢ ᠳᠡᠮᠵᠢᠬᠦ ᠦᠭᠡᠢ᠃ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠭᠢᠵᠢᠭᠦᠯᠦᠨ᠎ᠡ︔ ᠬᠤᠶᠠᠷ ᠤᠯᠤᠰ ᠤᠨ ᠠᠷᠠᠯᠵᠢᠶ᠎ᠠ ᠶᠢ ᠥᠷᠭᠡᠳᠬᠡᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠮᠠᠯᠠᠶᠢᠰᠢᠶ᠎ᠠ ᠳᠤ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠵᠦ᠂ ᠮᠠᠯᠠᠶᠢᠰᠢᠶ᠎ᠠ ᠶᠢᠨ ᠲᠠᠯ᠎ᠠ ᠶᠢᠨ ᠬᠢᠨ ᠲᠠᠢ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠥᠭᠵᠢᠭᠦᠯᠵᠦ᠂ ᠬᠤᠶᠠᠷ ᠤᠯᠤᠰ ᠤᠨ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ︔ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠶᠢ ᠨᠡᠮᠡᠭᠳᠡᠭᠦᠯᠵᠦ᠂ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠭᠢᠭᠤᠯᠤᠨ᠎ᠠ ︔ ᠢᠰᠯᠠᠮ ᠤᠨ ᠪᠣᠯᠪᠠᠰᠤᠨ ᠪᠠ ᠺᠦᠩᠽᠢ ᠶᠢᠨ ᠰᠤᠷᠭᠠᠯ ᠤᠨ ᠪᠣᠯᠪᠠᠰᠤᠨ ᠤ ᠶᠠᠷᠢᠯᠴᠠᠭ᠎ᠠ ᠶᠢ ᠥᠷᠨᠢᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠭᠠᠭᠴᠠ ᠲᠠᠯᠠᠲᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠤᠨ ᠡᠮᠦᠨ᠎ᠡ ᠮᠠᠯᠠᠶᠢᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠠᠮᠠᠷᠪᠠ ᠭᠠᠭᠴᠠ ᠲᠠᠯ᠎ᠠ ᠠᠴᠠ ᠪᠣᠭᠤᠮᠲᠠ ᠶᠢᠨ ᠭᠠᠶᠢᠯᠢ ᠨᠡᠮᠡᠬᠦ ᠠᠷᠭ᠎ᠠ ᠬᠢᠳᠡᠯ ᠢ ᠵᠥᠪᠰᠢᠶᠡᠷᠡᠬᠦ ᠦᠭᠡᠢ᠂ ᠬᠠᠮᠲᠤᠷᠠᠯᠴᠠᠵᠤ ᠬᠤᠯᠪᠣᠭᠠᠯᠠᠬᠤ ᠪᠠᠷ ᠳᠠᠮᠵᠢᠨ ᠥᠪᠡᠷ ᠢ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠨᠡᠮᠡᠭᠳᠡᠯ ᠢᠶᠠᠨ ᠪᠠᠲᠤᠯᠠᠨ᠎ᠠ᠃ ᠮᠠᠯᠠᠶᠢᠰᠢᠶ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠳᠡᠭᠡᠷ᠎ᠡ ᠦᠵᠡᠭᠦᠯᠦᠭᠰᠡᠨ ᠢᠳᠡᠪᠬᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠮᠠᠯᠠᠶᠢᠰᠢᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠷᠢᠯᠴᠠᠭᠠᠨ ᠤ ᠵᠣᠬᠢᠴᠠᠭᠤᠯᠤᠭᠴᠢ ᠤᠯᠤᠰ ᠪᠣᠯᠤᠭᠰᠠᠨ ᠤ ᠬᠤᠪᠢ ᠳᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ — ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃    ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠶᠢᠨ 30 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ᠂ ︽ᠺᠦᠩᠽᠢ ᠶᠢᠨ ᠰᠤᠷᠭᠠᠯ ᠪᠣᠯᠣᠨ ᠢᠰᠯᠠᠮ ᠤᠨ ᠱᠠᠰᠢᠨ ᠤ ᠪᠣᠯᠪᠠᠰᠤᠨ ᠤ ᠶᠠᠷᠢᠯᠴᠠᠭ᠎ᠠ︾᠂ ᠲᠣᠭᠠᠴᠢᠯᠠᠭᠰᠠᠨ ᠠᠵᠤ ᠠᠬᠤᠢ᠂ ᠦᠢᠯᠡᠴᠢᠯᠡᠭᠡᠨ ᠤ ᠠᠷᠠᠯᠵᠢᠶ᠎ᠠ᠂ ︽ᠬᠤᠶᠠᠷ ᠤᠯᠤᠰ ᠤᠨ ᠬᠤᠣᠰ ᠬᠦᠷᠢᠶᠡᠯᠡᠩ︾ ᠢ ᠲᠡᠰ ᠳᠡᠪᠰᠢᠭᠦᠯᠦᠨ ᠬᠥᠭᠵᠢᠭᠦᠯᠬᠦ᠂ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠵᠣᠬᠢᠶᠠᠮᠠᠯ ᠤᠶᠤᠨ ᠴᠢᠳᠠᠪᠤᠷᠢ᠂ ᠲᠡᠮᠦᠷ ᠵᠠᠮ᠂ ᠮᠡᠳᠡᠯᠭᠡ ᠶᠢᠨ ᠥᠮᠴᠢᠯᠡᠯ ᠤᠨ ᠡᠷᠬᠡ᠂ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠬᠠᠷᠢᠯᠴᠠᠨ ᠸᠢᠰᠠ ᠶᠢ ᠬᠡᠯᠲᠦᠷᠢᠭᠦᠯᠬᠦ᠂ ᠮᠠᠯᠤᠷ ᠦᠳᠡᠭᠡ ᠶᠢ ᠬᠠᠮᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃    ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠮᠠᠯᠠᠶᠢᠰᠢᠶ᠎ᠠ ᠶᠢᠨ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃    ᠲᠤᠰ ᠣᠷᠣᠢ ᠠᠨᠸᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃    ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ