ᠰᠢ ᠶᠢᠨ ᠫᠢᠩ ᠸᠢᠶᠧᠲᠨᠠᠮ ᠤᠨ ᠵᠠᠭᠤᠴᠢᠯᠠᠭᠤᠷ ᠲᠤ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ — ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2025/4/17
      ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ   4 ᠰᠠᠷ᠎ᠠ ᠶᠢᠨ 14 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠸᠢᠶᠧᠲᠨᠠᠮ ᠤᠨ ︽ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄                       ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ          ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ                 ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ                 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ  ᠰᠢ ᠶᠢᠨ ᠫᠢᠩ      ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ ᠸᠢᠶᠧᠲᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠨᠥᠬᠦᠷ ᠪᠣᠯᠣᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧᠲᠨᠠᠮ ᠤᠨ ᠤᠳᠤᠷᠢᠳᠬᠤ ᠬᠥᠮᠥᠰ ᠲᠠᠢ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃      ᠳᠤᠮᠳᠠᠳᠤ ᠤᠯᠤᠰ ᠪᠣᠯᠣᠨ ᠸᠢᠶᠧᠲᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ ᠶᠤᠮ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ ᠤᠯᠤᠰ ᠤᠨ ᠠᠷᠠᠳ ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ᠂ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠣᠨ᠎ᠠ᠃      ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠪᠠ᠃ ᠬᠤᠶᠠᠷ ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ ᠺᠣᠯᠣᠨᠢᠴᠢᠯᠠᠬᠤ ᠦᠵᠡᠯ᠂ ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠭᠤᠸᠠᠩᠵᠧᠦ ᠳᠠᠬᠢ ᠸᠢᠶᠧᠲᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ᠂ ᠭᠤᠸᠠᠩᠰᠢ ᠶᠢᠨ ᠵᠢᠩᠰᠢ ᠶᠢᠨ ︽ᠸᠢᠶᠧᠲᠨᠠᠮ ᠤᠨ ᠬᠤᠯᠪᠤᠭ᠎ᠠ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠪᠣᠯ ᠳᠤᠮᠳᠠᠳᠤ ᠸᠢᠶᠧᠲᠨᠠᠮ ᠤᠨ ᠬᠤᠪᠢᠰᠬᠠᠯ ᠤᠨ ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ ᠮᠢᠩ ᠤᠷᠢᠳ ᠬᠤᠵᠢᠳ ᠶᠠᠨ ᠠᠨ᠂ ᠭᠦᠢᠯᠢᠨ᠂ ᠴᠦᠩᠴᠢᠩ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠲᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠸᠢᠶᠧᠲᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ ᠦᠢᠯᠡᠰ ᠢ ᠪᠦᠭᠦ ᠬᠦᠴᠦ ᠪᠠᠷ ᠢᠶᠠᠨ ᠳᠡᠮᠵᠢᠪᠡ᠃ ︽ᠸᠢᠶᠧᠲᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ᠃      ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ ᠱᠦᠵᠢ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧᠲᠨᠠᠮ ᠤᠨ ᠤᠳᠤᠷᠢᠳᠬᠤ ᠬᠥᠮᠥᠰ ᠲᠠᠢ ᠤᠯᠠᠨ ᠤᠳᠠᠭ᠎ᠠ ᠬᠠᠷᠢᠯᠴᠠᠨ ᠠᠶᠢᠯᠴᠢᠯᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠴᠢᠭᠯᠡᠯ ᠢ ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ ᠬᠥᠳᠡᠯᠦᠯᠴᠡᠵᠦ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ᠂ ᠬᠤᠶᠠᠷ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠪᠦᠲᠦᠮᠵᠢᠲᠡᠢ ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠳᠡᠭᠡᠷ᠎ᠡ ᠳᠤᠮᠳᠠᠳᠤ ᠸᠢᠶᠧᠲᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ ᠨᠢᠭᠲᠠ ᠪᠠᠶᠢᠳᠠᠭ᠃      ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧᠲᠨᠠᠮ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ 20 ᠭᠠᠷᠤᠢ ᠵᠢᠯ ᠳᠠᠷᠠᠭᠠᠯᠠᠨ ᠸᠢᠶᠧᠲᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 ᠣᠨ ᠳᠤ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ᠃ ᠳ᠋ᠦᠷᠢᠦ᠂ ᠨᠠᠷᠭᠢᠯ ᠵᠡᠷᠭᠡ ᠸᠢᠶᠧᠲᠨᠠᠮ ᠤᠨ ᠨᠡᠩ ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ ᠬᠤᠶᠠᠷ ᠤᠯᠤᠰ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠨᠢ ᠸᠢᠶᠧᠲᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ ᠦᠵᠡᠭᠦᠯᠪᠡ᠃ ᠳᠤᠮᠳᠠᠳᠤ ᠸᠢᠶᠧᠲᠨᠠᠮ ᠬᠤᠶᠠᠷ ᠤᠯᠤᠰ ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃      ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ ᠰᠣᠯᠢᠯᠴᠠᠭ᠎ᠠ ᠪᠠᠷ ᠠᠭᠢᠭᠤᠯᠤᠬᠳᠠᠪᠠ᠃ ᠡᠳᠡᠭᠡᠷ ᠵᠢᠯ ᠤᠳ ᠲᠤ ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ ᠤᠯᠤᠰ ᠤᠨ ᠠᠷᠠᠳ ᠲᠦᠮᠡᠨ ᠶᠠᠪᠤᠬᠤ ᠳᠤᠳᠤᠮ ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧᠲᠨᠠᠮ ᠳᠤ ᠬᠦᠷᠴᠦ ᠵᠢᠭᠤᠯᠴᠢᠯᠠᠬᠰᠠᠳ 370 ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ᠂ ︽ᠨᠢᠭᠡ ᠡᠳᠦᠷ ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ ᠲᠧᠯᠸᠢᠰ ᠤᠨ ᠪᠦᠲᠦᠭᠡᠯ᠂ ᠡᠯᠧᠺᠲᠷᠣᠨ ᠲᠣᠭᠯᠠᠭᠠᠮ ᠨᠢ ᠸᠢᠶᠧᠲᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ ᠰᠡᠳᠦᠪ ᠪᠣᠯᠵᠤ᠂ ᠸᠢᠶᠧᠲᠨᠠᠮ ᠤᠨ ︽ᠬᠢᠲᠠᠳ ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ ᠸᠢᠶᠧᠲᠨᠠᠮ ᠤᠨ ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ ᠮᠡᠳᠡᠭᠡ ᠪᠣᠯᠵᠤ᠂ ᠾᠸᠹᠧᠨ ᠵᠡᠷᠭᠡ ᠸᠢᠶᠧᠲᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ ᠠᠷᠠᠳ ᠤᠯᠠᠨ ᠳᠤ ᠲᠠᠭᠠᠰᠢᠶᠠᠭᠳᠠᠪᠠ᠃      ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ᠂ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ᠂ ᠵᠣᠬᠢᠶᠠᠮᠠᠯ ᠣᠶᠤᠨ ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃      ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ᠃      ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠸᠢᠶᠧᠲᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠵᠦ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠪᠣᠯᠣᠨ᠎ᠠ᠃ ᠳᠤᠮᠳᠠᠳᠤ ᠤᠯᠤᠰ ᠸᠢᠶᠧᠲᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ᠃ ᠪᠢᠳᠡ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ᠃      — ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠭᠤᠷᠣᠨᠳᠣᠭᠢ᠂ ᠵᠠᠰᠠᠭ ᠤᠨ ᠣᠷᠳᠣᠨ᠂ ᠴᠡᠷᠢᠭ ᠠᠩᠭᠢ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ ᠪᠠᠶᠠᠯᠢᠭᠵᠢᠭᠤᠯᠵᠤ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃      — ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠶ᠎ᠡ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠢᠭᠡᠳ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠸᠢᠶᠧᠲᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ ᠤᠯᠤᠰ ᠸᠢᠶᠧᠲᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠲᠨᠠᠮ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 5G᠂ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ᠃      — ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ᠳᠤᠮᠳᠠᠳᠤ ᠸᠢᠶᠧᠲᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ ᠡᠰᠢᠲᠦ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠤᠯᠤᠰ ᠸᠢᠶᠧᠲᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ ᠭᠠᠵᠠᠷ ᠢᠶᠠᠷ ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ ᠤᠯᠤᠰ ᠤᠨ ᠵᠢᠭᠤᠯᠴᠢᠯᠠᠬᠰᠡᠳ ᠤᠨ ᠸᠢᠶᠧᠲᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠲᠯᠠᠨ ᠵᠢᠭᠤᠯᠴᠢᠯᠠᠬᠤ︾ ᠶᠢ ᠵᠣᠷᠢᠭᠵᠢᠭᠤᠯᠤᠨ᠎ᠠ᠃ ᠳᠤᠮᠳᠠᠳᠤ ᠸᠢᠶᠧᠲᠨᠠᠮ ᠤᠨ ᠵᠠᠯᠠᠭᠤᠴᠤᠳ ᠤᠨ ᠨᠥᠭᠦᠷᠰᠡᠭ ᠠᠭᠤᠯᠵᠠᠯᠲᠠ᠂ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ᠃      — ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ ᠠᠬᠢᠭᠤᠯᠤᠶ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ ᠪᠣᠭᠤᠮᠲᠠ ᠶᠢᠨ ᠭᠠᠶᠢᠯᠢ ᠶᠢᠨ ᠲᠡᠶᠢᠨ ᠳᠤ ᠢᠯᠠᠭᠴᠢ ᠦᠭᠡᠢ᠂ ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠸᠶᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ ᠲᠣᠬᠲᠠᠭᠠᠯᠳᠤ ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ᠃      — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ᠃ ᠳᠤᠮᠳᠠᠳᠤ ᠸᠢᠶᠧᠲᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ ᠠᠮᠵᠢᠯᠲᠠ ᠲᠠᠢ ᠦᠢᠯᠡᠳᠦᠯᠭᠡ ᠨᠢ᠂ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠴᠢᠳᠠᠪᠤᠷᠢ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ ᠨᠥᠬᠦᠴᠡᠯ ᠬᠤᠷᠠᠮᠳᠤᠭᠤᠯᠤᠶ᠎ᠠ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ ᠵᠥᠪᠳᠡᠯᠴᠡᠭᠡ ᠶᠢ ᠢᠳᠡᠪᠬᠢᠲᠡᠢ ᠠᠬᠢᠭᠤᠯᠵᠤ ᠂ ᠬᠠᠷᠰᠢᠯᠠᠯ ᠢ ᠠᠷᠢᠯᠭᠠᠵᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠶ᠎ᠠ᠃      ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠬᠠᠮᠲᠤ ᠪᠠᠷ ᠭᠠᠷ ᠬᠤᠯᠪᠣᠨ ᠤᠷᠤᠭᠰᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ