︵2025 ᠣᠨ ᠤ 4 ᠰᠠᠷ᠎ᠠ ᠶᠢᠨ 16 ᠤ ᠡᠳᠦᠷ᠂ ᠪᠦᠲ᠋ᠧᠯᠠᠵᠢᠶᠠᠶᠠ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠬᠦᠨᠳᠦᠲᠦ ᠶᠡᠷᠦᠩᠬᠡᠶ ᠰᠠᠶᠢᠳ ᠠᠨᠸᠠᠷ᠂ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ᠄ | ᠶᠡᠷᠦᠩᠬᠡᠢ ᠰᠠᠶᠢᠳ ᠠᠨᠸᠠᠷ ᠤᠨ ᠣᠷᠭᠢᠯᠤᠮ᠎ᠠ ᠬᠠᠯᠠᠭᠤᠨ ᠰᠡᠳᠭᠢᠯᠭᠡ ᠲᠠᠢ ᠶᠠᠷᠢᠶ᠎ᠠ ᠲᠠᠯᠪᠢᠭᠰᠠᠨ ᠳᠤ ᠲᠠᠯᠠᠷᠬᠠᠵᠤ ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ | ᠢᠪᠥ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠥᠷᠥ ᠶᠢᠨ ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠪᠢ ᠮᠠᠯᠠᠶᠢᠰᠢᠶ᠎ᠠ ᠶᠢᠨ ᠬᠢᠨ ᠤ ᠨᠠᠷᠢᠨ | ᠨᠢᠮᠪᠠᠢ ᠲᠤᠬᠢᠷᠠᠭᠤᠯᠤᠯᠳᠠ ᠪᠠ ᠬᠠᠯᠠᠭᠤᠮᠰᠤᠭ ᠢᠶᠠᠷ ᠵᠣᠴᠢᠯᠠᠭᠰᠠᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃ | ︽ᠠᠭᠤᠯᠵᠠᠵᠤ ᠦᠩᠭᠡᠷᠡᠭᠡ ᠦᠭᠡᠢ ᠴᠤ ᠳᠤᠳᠤᠨᠤᠰᠤᠭ ᠪᠤᠯ ᠤᠴᠢᠵᠤ ᠪᠣᠯᠤᠮᠤᠢ︔ ᠰᠠᠯᠤᠯᠴᠠᠭᠠᠳ ᠤᠳᠠᠲᠠᠯ᠎ᠠ ᠮᠠᠷᠲᠠᠬᠤ ᠦᠭᠡᠢ ᠪᠤᠯ ᠢᠷᠡᠵᠦ ᠪᠣᠯᠤᠮᠤᠢ︾᠃ | ᠪᠢ ᠳᠡᠭᠡᠷ᠎ᠡ ᠤᠳᠠᠭ᠎ᠠ ᠮᠠᠯᠠᠶᠢᠰᠢᠶ᠎ᠠ ᠳᠤ ᠠᠶᠢᠯᠴᠢᠯᠠᠭᠰᠠᠨ ᠨᠢ 2013 ᠣᠨ ᠤ ᠶᠠᠪᠤᠳᠠᠯ ᠪᠣᠯᠤᠨ᠎ᠠ᠂ ᠡᠷᠬᠢᠮ ᠤᠯᠤᠰ ᠤᠨ ᠦᠩᠭᠡ ᠦᠵᠡᠮᠵᠢ ᠦᠵᠡᠰᠬᠦᠯᠡᠩᠳᠤ | ᠰᠠᠶᠢᠬᠠᠨ᠂ ᠰᠣᠶᠣᠯ ᠤᠯᠠᠨ ᠡᠰᠢᠵᠢᠭᠰᠡᠨ᠂ ᠠᠷᠠᠳ ᠲᠦᠮᠡᠨ ᠨᠥᠬᠦᠷᠰᠡᠭ᠂ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ 12 ᠵᠢᠯ ᠤᠨ ᠲᠠᠷᠠᠭ᠎ᠠ ᠳᠠᠬᠢᠨᠲᠠ | ᠠᠶᠢᠯᠴᠢᠯᠠᠵᠤ᠂ ᠮᠠᠯᠠᠶᠢᠰᠢᠶ᠎ᠠ ᠡᠳᠦᠷ ᠠᠴᠠ ᠡᠳᠦᠷ ᠬᠥᠭᠵᠢᠨ ᠮᠠᠨᠳᠤᠵᠤ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠢᠯᠡᠳᠲᠡ ᠠᠮᠵᠢᠯᠲᠠ ᠣᠯᠤᠭᠰᠠᠨ ᠢ | ᠦᠵᠡᠭᠡᠳ ᠪᠢ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠬᠠᠭᠠᠨᠳᠠᠨ ᠪᠠ ᠶᠡᠷᠦᠩᠬᠡᠶ ᠰᠠᠶᠢᠳ ᠠᠨᠸᠠᠷ ᠤᠨ ᠳᠠᠭᠠᠭᠤᠯᠭ᠎ᠠ | ᠳᠤᠤᠷ᠎ᠠ᠂ ᠮᠠᠯᠠᠶᠢᠰᠢᠶ᠎ᠠ ᠯᠠᠪᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ︽ᠬᠦᠭᠵᠢᠭᠰᠡᠨ ᠪᠠᠳᠠᠷᠠᠬᠰᠠᠨ ᠮᠠᠯᠠᠶᠢᠰᠢᠶ᠎ᠠ︾ | ᠶᠢ ᠪᠠᠶᠢᠭᠤᠯᠬᠤ ᠵᠠᠮ ᠢᠶᠠᠷ ᠵᠠᠮᠨᠠᠵᠤ ᠨᠠᠩ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠤᠯᠬᠤ ᠶᠢ ᠢᠲᠡᠭᠡᠵᠦ ᠪᠠᠶᠢᠨ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠳᠠᠯᠠᠢ ᠠᠯᠤᠰᠯᠠᠨ ᠬᠠᠷᠢᠯᠴᠠᠨ ᠪᠠᠷᠠᠯᠠᠵᠤ᠂ ᠤᠯᠠᠮᠵᠢᠯᠠᠯᠲᠤ ᠨᠥᠬᠦᠷᠯᠡᠯ ᠮᠢᠩᠭᠠᠨ ᠤᠨ ᠢ ᠲᠤᠭᠤᠯᠤᠬᠰᠠᠨ ᠶᠤᠮ᠃ | ᠮᠠᠯᠠᠶᠢᠰᠢᠶ᠎ᠠ ᠶᠢᠨ ᠵᠦᠢᠷ ᠦᠭᠡᠨ ᠳᠤ᠄ ︽ᠴᠥᠬᠦᠷᠡᠰᠢ ᠦᠭᠡᠢ ᠴᠢᠷᠮᠠᠶᠢᠪᠠᠯ᠂ ᠡᠳᠦᠷ ᠤᠨ ᠤᠳᠠᠭᠠᠨ ᠳᠤ ᠠᠭᠤᠯᠠ ᠪᠤᠯᠵᠤ ᠰᠦᠨᠳᠡᠷᠯᠡᠮᠤᠢ︾ ᠭᠡᠳᠡᠭ᠃ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 50 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭ᠎ᠠ | ᠬᠠᠳᠠ ᠴᠢᠯᠠᠭᠤ ᠮᠡᠲᠦ ᠪᠠᠲᠤ ᠪᠠᠬᠢ ᠪᠣᠯᠵᠤ᠂ ᠤᠯᠤᠰ ᠲᠦᠷᠦ ᠶᠢᠨ ᠲᠠᠯ᠎ᠠ ᠪᠠᠷ ᠬᠠᠷᠢᠯᠴᠠᠨ ᠬᠦᠨᠳᠦᠳᠬᠡᠵᠦ ᠬᠠᠷᠢᠯᠴᠠᠨ ᠢᠲᠡᠭᠡᠯᠴᠡᠭᠰᠡᠨ᠂ ᠠᠵᠤ ᠠᠬᠤᠢ ᠶᠢᠨ | ᠲᠠᠯ᠎ᠠ ᠪᠠᠷ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠭᠰᠡᠨ᠂ ᠰᠣᠶᠣᠯ ᠤᠨ ᠲᠠᠯ᠎ᠠ ᠪᠠᠷ ᠬᠠᠷᠢᠯᠴᠠᠨ ᠲᠣᠯᠢ ᠪᠣᠯᠭᠠᠵᠤ ᠬᠠᠮᠲᠤ ᠪᠠᠷ ᠠᠬᠢᠭᠤᠯᠤᠭᠰᠠᠨ ᠳᠣᠲᠣᠨᠣ | ᠨᠠᠶᠢᠵᠠ ᠪᠠ ᠬᠠᠨᠢᠲᠠᠨ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠭᠰᠡᠨ ᠪᠠᠶᠢᠨ᠎ᠠ᠃ 2023 ᠣᠨ ᠳᠤ᠂ ᠪᠢ | ᠶᠡᠷᠦᠩᠬᠡᠢ ᠰᠠᠶᠢᠳ ᠠᠪᠤᠭᠠᠢ ᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠪᠠᠷ ᠨᠡᠶᠢᠲᠡᠯᠡᠵᠦ᠂ ᠬᠤᠶᠠᠷ | ᠲᠠᠯ᠎ᠠ ᠶᠢᠨ ᠬᠠᠷᠢᠯᠴᠠᠭᠠᠨ ᠤ ᠰᠢᠨ᠎ᠡ ᠲᠡᠦᠬᠡ ᠶᠢᠨ ᠬᠠᠭᠤᠳᠠᠰᠤ ᠶᠢ ᠨᠡᠭᠡᠭᠡᠭᠰᠡᠨ ᠶᠤᠮ᠃ | ᠰᠠᠶ᠋ᠢᠬᠠᠨ ᠪᠢ ᠶᠡᠷᠦᠩᠬᠡᠢ ᠰᠠᠶᠢᠳ ᠠᠨᠸᠠᠷ ᠲᠠᠢ ᠳᠣᠲᠣᠨᠣ ᠨᠥᠬᠦᠷᠰᠡᠭ ᠬᠡᠯᠡᠯᠴᠡᠭᠡ ᠬᠢᠵᠡᠢ᠂ ᠪᠢᠳᠡ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠣᠳᠣᠬᠠᠨ ᠤ ᠤᠯᠠᠨ ᠤᠯᠤᠰ ᠤᠨ ᠡᠮᠬᠢ ᠳᠢᠭᠯᠢᠮ | ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠴᠤᠬᠢᠯᠳᠠ ᠳᠤ ᠤᠴᠠᠷᠠᠵᠤ ᠪᠠᠶᠢᠭ᠎ᠠ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ ᠭᠠᠵᠠᠷ ᠣᠷᠣᠨ ᠤ | ᠤᠯᠤᠰ ᠤᠳ ᠲᠠᠢ ᠪᠦᠯᠬᠦᠮᠳᠡᠨ ᠨᠢᠭᠡᠳᠴᠦ᠂ ᠬᠠᠮᠲᠤ ᠪᠠᠷ ᠭᠠᠵᠠᠷ ᠣᠷᠣᠨ ᠤ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ | ᠡᠰᠡᠷᠭᠦᠴᠡᠵᠦ᠂ ᠭᠠᠭᠴᠠ ᠲᠠᠯᠠᠲᠦ ᠦᠵᠡᠯ ᠪᠣᠯᠣᠨ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠠᠽᠢᠶ᠎ᠠ ᠲᠢᠪ ᠤᠨ ᠭᠡᠷ ᠣᠷᠣᠨ ᠤ ᠰᠠᠶᠢᠨ | ᠰᠠᠶᠢᠬᠠᠨ ᠬᠥᠭᠵᠢᠯᠲᠡ ᠶᠢᠨ ᠢᠷᠡᠭᠡᠳᠦᠢ ᠶᠢ ᠰᠠᠶᠢᠲᠤᠷ ᠰᠠᠬᠢᠨ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠲᠡᠦᠬᠡ ᠶᠢᠨ ᠤᠷᠤᠰᠬᠠᠯ ᠳᠤ ᠵᠤᠬᠢᠴᠠᠵᠤ᠂ ᠢᠷᠡᠭᠡᠳᠦᠢ ᠬᠡᠬᠡᠨ ᠰᠠᠷᠠᠭᠤᠯ ᠪᠤᠯᠬᠤ ᠶᠤᠮ᠃ ᠳᠤᠮᠳᠠᠳᠤ ᠶᠢᠨ | ᠲᠠᠯ᠎ᠠ ᠶᠢᠨ ᠬᠢᠨ ᠮᠠᠯᠠᠶᠢᠰᠢᠶ᠎ᠠ ᠶᠢᠨ ᠲᠠᠯ᠎ᠠ ᠲᠠᠢ ᠬᠠᠮᠲᠤ ᠪᠠᠷ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭᠠᠨ ᠤ ᠰᠢᠨ᠎ᠡ ︽ᠰᠢᠵᠢᠷ ᠠᠯᠳᠠᠨ 50 ᠵᠢᠯ︾ | ᠢ ᠴᠣᠭᠴᠠᠯᠠᠵᠤ᠂ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠨᠡᠩ ᠶᠡᠭᠡ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ | ᠭᠦᠭᠵᠢᠵᠦ ᠪᠠᠶᠢᠭ᠎ᠠ ᠤᠯᠤᠰ ᠤᠳ ᠲᠤ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ | ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ | ᠬᠠᠮᠤᠭ ᠤᠨ ᠰᠡᠭᠦᠯ ᠳᠤ᠂ ᠮᠠᠯᠠᠶᠢᠰᠢᠶ᠎ᠠ ᠶᠢᠨ ᠬᠦᠭᠵᠢᠨ ᠮᠠᠨᠳᠤᠵᠤ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕ | ᠶᠡᠷᠦᠩᠬᠡᠢ ᠰᠠᠶᠢᠳ ᠠᠨᠸᠠᠷ ᠪᠣᠯᠣᠨ ᠠᠳᠡ ᠰᠠᠭᠤᠵᠤ ᠪᠠᠶᠢᠭ᠎ᠠ ᠨᠠᠶᠢᠵᠠ ᠨᠠᠷ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠯᠢᠪᠠ ᠪᠦᠬᠦᠨ ᠤᠷᠤᠭᠰᠢᠲᠠᠢ | ᠪᠠᠶᠢᠬᠤ ᠶᠢ ᠵᠦᠡᠭᠨᠡᠶ᠎ᠡ︕ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠥᠨᠢ ᠮᠥᠩᠬᠡ ᠪᠠᠶᠢᠬᠤ ᠶᠢ ᠵᠥᠩᠨᠡᠶ᠎ᠡ︕ | ᠤᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠬᠢᠯᠭᠠᠨ ᠮᠡᠳᠡᠭᠡ︶ | | | |