ᠪᠦᠬᠡᠪᠠᠶᠠᠷ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2025 ᠣᠨ ᠠᠴᠠ ᠨᠠᠰᠢᠬᠢ ᠪᠥᠬᠦ ᠬᠤᠰᠢᠭᠤᠨ ᠤ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠮᠡᠳᠡᠭᠳᠡᠵᠦ᠂ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠦᠬᠡᠪᠠᠶᠠᠷ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠳᠠᠬᠢᠨ ᠬᠤᠶᠠᠷ ᠵᠢᠯ ᠠᠳᠬᠤᠬᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠲᠠᠪᠤᠨ ᠪᠣᠳᠠᠲᠤ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠭᠤᠤᠯ ᠬᠠᠷᠢᠭᠤᠴᠠᠯᠭ᠎ᠠ ᠡᠭᠦᠷᠭᠡᠯᠡᠬᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ᠂ ᠬᠤᠲᠠ ᠬᠤᠰᠢᠭᠤ ᠭᠤᠤᠯᠯᠠᠨ ᠠᠳᠬᠤᠬᠤ︾ ᠠᠵᠢᠯ ᠤᠨ ᠰᠢᠰᠲ᠋ᠧᠮ ᠢ ᠴᠢᠩᠭᠠᠳᠬᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠣᠷᠭᠢᠯᠤᠮ᠎ᠠ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠳᠠᠲᠤ ᠦᠷ᠎ᠡ ᠪᠦᠲᠦᠮᠵᠢ ᠪᠠᠷ ᠪᠠᠷᠢᠮᠵᠢᠶ᠎ᠠ ᠪᠣᠯᠭᠠᠵᠤ᠂ ᠴᠡᠭᠴᠡᠯᠡᠨ ᠵᠠᠰᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪ ᠢᠶᠠᠷ ᠲᠣᠬᠢᠷᠠᠭᠤᠯᠤᠯᠲᠠ ᠬᠢᠵᠦ ᠲᠥᠪᠯᠡᠷᠡᠭᠦᠯᠦᠨ ᠴᠡᠭᠴᠡᠯᠡᠨ ᠵᠠᠰᠠᠵᠤ᠂ ᠨᠠᠷᠢᠯᠢᠭ ᠣᠨᠣᠪᠴᠢᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠬᠤᠯᠠᠴᠢᠯᠠᠨ᠂ ᠲᠤᠷᠰᠢᠯᠭ᠎ᠠ ᠠᠷᠭ᠎ᠠ ᠬᠢᠳᠡᠯ ᠢ ᠰᠢᠰᠲ᠋ᠧᠮ ᠲᠠᠢ ᠬᠤᠷᠠᠮᠳᠤᠭᠤᠯᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠪᠦᠬᠡᠪᠠᠶᠠᠷ᠂ ᠤᠯᠠᠨ ᠲᠦᠮᠡᠨ ᠤ ᠪᠣᠳᠠᠲᠤ ᠶᠠᠪᠤᠳᠠᠯ ᠢ ᠰᠠᠶᠢᠲᠤᠷ ᠬᠢᠵᠦ᠂ ᠣᠷᠣᠰᠢᠭᠤᠯᠭ᠎ᠠ ᠶᠢᠨ ᠬᠦᠷᠢᠶ᠎ᠡ ᠴᠠᠷᠠᠭᠠᠨ ᠳᠠᠬᠢ ᠢᠯᠵᠠᠷᠠᠮᠠᠯ ᠡᠷᠦᠢ ᠬᠤᠷᠤᠢ ᠦᠭᠡᠢ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ︾ ᠪᠠ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠳᠤᠮᠳᠠᠬᠢ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠢᠩᠭ᠎ᠠ ᠠᠳᠬᠤᠵᠤ᠂ ᠴᠢᠩᠭ᠎ᠠ ᠬᠦᠴᠦᠲᠡᠢ ᠤᠯᠤᠰ ᠲᠦᠷᠦ ᠶᠢᠨ ᠡᠭᠦᠷᠭᠡᠯᠡᠯ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠷᠠᠳ ᠤᠨ ᠰᠡᠳᠬᠢᠯ ᠲᠦᠮᠡᠨ ᠤ ᠰᠠᠨᠠᠭ᠎ᠠ ᠶᠢ ᠢᠮᠠᠭᠲᠠ ᠰᠡᠳᠬᠢᠯ ᠳᠡᠭᠡᠨ ᠪᠤᠳᠤᠬᠤ ᠬᠡᠷᠡᠭᠲᠡᠢ᠃ ᠠᠵᠢᠯ ᠤᠨ ᠠᠷᠭ᠎ᠠ ᠵᠠᠮ ᠤᠨ ᠰᠢᠨ᠎ᠡ ᠶᠢ ᠡᠭᠦᠳᠴᠦ᠂ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠣᠨᠣᠪᠴᠢᠲᠠᠢ ᠢᠯᠭᠠᠨ ᠲᠠᠨᠢᠵᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠢ ᠲᠣᠭᠲᠠᠭᠰᠠᠨ ᠴᠠᠭ ᠬᠤᠭᠤᠴᠠᠭ᠎ᠠ ᠪᠠ ᠶᠠᠰᠤ ᠴᠢᠨᠠᠷ ᠤᠨ ᠱᠠᠭᠠᠷᠳᠠᠯᠭ᠎ᠠ ᠶᠣᠰᠣᠭᠠᠷ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠭᠠᠷᠳᠠᠨ ᠬᠢᠬᠦ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠶᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠶᠢ ᠴᠢᠨᠠᠭᠰᠢᠳᠠ ᠴᠢᠩᠭᠠᠷᠠᠭᠤᠯᠵᠤ᠂ ᠣᠯᠠᠨ ᠲᠦᠮᠡᠨ ᠤ ᠰᠠᠨᠠᠯ ᠳᠤ ᠴᠠᠭ ᠲᠤᠬᠠᠶ ᠳᠤᠨᠢ ᠬᠠᠷᠢᠭᠤ ᠥᠭᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ