4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠬᠡᠷᠦᠯᠦᠨ ᠰᠤᠮᠤ ᠶᠢᠨ ᠮᠠᠩᠯᠠᠶ ᠭᠠᠴᠠᠭ᠎ᠠ ᠳᠤ ᠭᠦᠨᠵᠡᠭᠡᠶᠢᠷᠡᠨ ᠠᠵᠤ ᠦᠢᠯᠡᠳᠪᠦᠷᠢ ᠪᠠᠷ ᠮᠠᠯ ᠠᠵᠤ ᠠᠬᠤᠶ ᠶᠢ ᠲᠡᠳᠬᠦᠬᠦ᠂ ︽ | ᠮᠠᠩᠯᠠᠶ ᠶᠢᠨ ᠵᠠᠭᠪᠤᠷ 2.0︾ ᠲᠠᠰ ᠳᠡᠪᠰᠢᠭᠦᠯᠬᠦ ᠵᠠᠭᠪᠤᠷ ᠢ ᠠᠬᠢᠭᠤᠯᠬᠤ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ | ᠤᠳᠤᠷᠢᠳᠤᠯᠭ᠎ᠠ ᠵᠧᠦ ᠬᠠᠢ ᠯᠢᠩ᠂ ᠬᠠᠨ ᠶᠦᠩ ᠯᠢ ᠪᠠᠷ᠎ᠠ ᠪᠣᠯᠣᠯᠴᠠᠪᠠ᠃ | | | | ᠬᠡᠷᠦᠯᠦᠨ ᠰᠤᠮᠤ ᠶᠢᠨ ᠮᠠᠩᠯᠠᠶ ᠭᠠᠴᠠᠭᠠᠨ ᠤ ᠮᠠᠯᠴᠢᠨ ᠠᠶᠢᠯ ᠤᠨ ᠬᠠᠰᠢᠶ᠎ᠠ ᠰᠠᠷᠠᠪᠴᠢ ᠨᠢ ᠴᠡᠪᠡᠷ ᠴᠡᠮᠴᠡᠭᠡᠷ ᠪᠥᠭᠡᠳ ᠡᠮᠬᠢ ᠵᠢᠷᠤᠮ ᠲᠠᠢ ᠪᠠᠶᠢᠵᠤ᠂ ᠰᠢᠨ᠎ᠡ | ᠲᠥᠯ ᠤᠳ ᠬᠠᠰᠢᠶᠠᠨ ᠳᠤ ᠲᠣᠭᠯᠠᠯᠳᠤᠵᠤ ᠪᠠᠶᠢᠪᠠ᠃ ᠪᠦᠬᠡᠪᠠᠶᠠᠷ ᠮᠠᠯᠴᠢᠳ ᠲᠠᠢ ᠳᠣᠲᠣᠨᠣ ᠪᠠᠷ ᠶᠠᠷᠢᠯᠴᠠᠵᠤ᠂ ᠬᠤᠷᠰᠢᠶᠠᠵᠢᠯ ᠳᠤ ᠤᠷᠤᠭᠰᠠᠨ ᠤ ᠳᠠᠷᠠᠭᠠᠬᠢ | ᠦᠢᠯᠡᠳᠪᠦᠷᠢᠯᠡᠯ ᠠᠮᠢᠳᠤᠷᠠᠯ ᠪᠠ ᠲᠥᠯ ᠲᠤᠰᠴᠤ ᠪᠠᠶᠢᠭ᠎ᠠ ᠪᠠᠶᠢᠳᠠᠯ ᠢ ᠨᠠᠷᠢᠯᠢᠭ ᠠᠰᠠᠭᠤᠨ ᠣᠶᠢᠯᠠᠭᠠᠪᠠ᠃ | ᠪᠦᠬᠡᠪᠠᠶᠠᠷ᠂ ᠡᠯ᠎ᠡ ᠰᠤᠮᠤ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠨᠠᠩ ᠥᠨᠳᠥᠷ ᠵᠣᠭᠰᠣᠴᠠ᠂ ᠨᠠᠩ ᠴᠢᠩᠭ᠎ᠠ ᠬᠦᠴᠦᠯᠡᠴᠡ ᠪᠠᠷ ︽ᠮᠠᠩᠯᠠᠶ ᠶᠢᠨ ᠵᠠᠭᠪᠤᠷ 2.0︾ ᠳᠡᠪᠰᠢᠭᠦᠯᠬᠦ ᠵᠠᠭᠪᠤᠷ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ︽ᠲᠤᠰᠬᠠᠢ ᠬᠤᠷᠰᠢᠶᠠᠵᠢᠯ + ᠤᠯᠠᠨ ᠠᠵᠤ ᠦᠢᠯᠡᠰ ᠤᠨ ᠠᠭᠤᠰᠤᠯᠴᠠᠯ︾ ᠣᠳᠣᠬᠢᠴᠢᠯᠠᠭᠰᠠᠨ | ᠬᠥᠭᠵᠢᠯᠲᠡ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ︽ᠮᠠᠩᠯᠠᠢ ᠶᠢᠨ ᠵᠠᠭᠪᠤᠷ 2.0︾ ᠪᠠ ︽ᠲᠤᠯᠤᠭᠠᠨ ᠲᠣᠰᠬᠤᠨ ᠤ ᠵᠠᠭᠪᠤᠷ 2.0︾ ᠤᠨ | ᠬᠥᠭᠵᠢᠯᠲᠡ ᠶᠢ ᠵᠡᠷᠭᠡᠪᠡᠷ ᠠᠬᠢᠭᠤᠯᠵᠤ᠂ ᠭᠤᠷᠪᠠᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ︽ᠬᠤᠶᠠᠳᠠᠬᠢ ᠤᠳᠠᠭ᠎ᠠ ᠠᠰᠢᠭ | ᠣᠷᠣᠯᠭ᠎ᠠ ᠶᠢ ᠬᠤᠪᠢᠶᠠᠷᠢᠯᠠᠬᠤ︾ ᠵᠡᠷᠭᠡ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠮᠠᠯ ᠠᠵᠤ ᠠᠬᠤᠢ ᠪᠠ ᠰᠣᠶᠣᠯ | ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠦᠨ ᠬᠥᠭᠵᠢᠭᠦᠯᠵᠦ᠂ ᠮᠢᠵᠢᠭ ᠭᠡᠷ ᠪᠦᠯᠢ ᠶᠢᠨ ᠮᠠᠯᠵᠢᠯ ᠤᠨ | ᠲᠠᠯᠠᠪᠠᠢ᠂ ᠬᠡᠷᠦᠯᠦᠨ ᠪᠠᠭᠤᠴᠠ ᠵᠡᠷᠭᠡ ᠵᠢᠱᠢᠶ᠎ᠡ ᠦᠵᠡᠭᠦᠯᠬᠦ ᠲᠦᠷᠦᠯ ᠵᠦᠢᠯ ᠢ ᠭᠤᠣᠯᠳᠠᠯᠭ᠎ᠠ ᠲᠠᠢ ᠪᠤᠶᠢᠵᠢᠭᠤᠯᠵᠤ᠂ ︽ᠲᠦᠷᠪᠡᠨ ᠤᠯᠠᠷᠢᠯ ᠳᠤ ᠪᠣᠷᠣᠯᠠᠭᠤᠯᠬᠤ᠂ | ᠲᠦᠷᠪᠡᠨ ᠤᠯᠠᠷᠢᠯ ᠳᠤ ᠵᠤᠭᠠᠴᠠᠬᠤ︾ ᠠᠵᠤ ᠦᠢᠯᠡᠰ ᠤᠨ ᠰᠢᠨ᠎ᠡ ᠬᠡᠯᠪᠡᠷᠢ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ | ᠮᠡᠷᠭᠡᠵᠢᠯ ᠢ ᠬᠡᠷᠡᠭᠯᠡᠨ ᠡᠨᠧᠷᠭᠢ ᠣᠯᠭᠤᠬᠤ ᠠᠵᠤ ᠦᠢᠯᠡᠰ ᠤᠨ ᠳᠡᠰ ᠳᠡᠪᠰᠢᠬᠦᠯᠵᠦ᠂ ᠮᠥᠷᠳᠡᠵᠦ ᠪᠣᠯᠬᠤ ᠰᠢᠰᠲ᠋ᠧᠮ ᠵᠡᠷᠭᠡ ᠲᠣᠭᠠᠴᠢᠯᠠᠭᠰᠠᠨ ᠲᠠᠪᠴᠠᠩ ᠢ | ᠪᠠᠶᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠪᠦᠬᠡᠪᠠᠶᠠᠷ᠂ ᠠᠵᠤ ᠦᠢᠯᠡᠳᠪᠦᠷᠢ ᠪᠠᠷ ᠮᠠᠯ ᠠᠵᠤ ᠠᠬᠤᠢ ᠶᠢ ᠲᠤᠰᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠤ ᠦᠢᠯᠡᠰ ᠢᠶᠠᠷ | ᠲᠡᠳᠬᠦᠬᠦ ᠪᠠᠷ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠡᠭᠦᠷᠭᠡ ᠶᠢᠨ ᠨᠠᠷᠢᠨ | ᠳᠠᠩᠰᠠ ᠶᠢ ᠪᠠᠶᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ | ᠴᠢᠨᠰᠠᠭ᠎ᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ ᠪᠠ ᠡᠪᠡᠰᠦ | ᠪᠣᠷᠳᠤᠭ᠎ᠠ ᠡᠳ᠋ᠰᠢᠭᠦᠯᠬᠦ ᠵᠡᠷᠭᠡ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠬᠤᠷᠰᠢᠶᠠᠵᠢᠯ ᠤᠨ ᠠᠰᠢᠭ ᠣᠷᠣᠯᠭ᠎ᠠ ᠬᠤᠪᠢᠶᠠᠷᠢᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠬᠢᠵᠠᠭᠠᠷ ᠲᠠᠢ ᠪᠡᠯᠡ ᠮᠥᠩᠭᠦ ᠶᠢ ᠣᠳᠣᠬᠢᠴᠢᠯᠠᠭᠰᠠᠨ | ᠲᠥᠬᠦᠭᠡᠷᠦᠮᠵᠢ ᠬᠤᠳᠠᠯᠳᠤᠨ ᠠᠪᠬᠤ ᠵᠠᠩᠭᠢᠯᠠᠭ᠎ᠠ ᠶᠢᠨ ᠭᠤᠭᠴᠤᠭ᠎ᠠ ᠳᠤ ᠣᠨᠣᠪᠴᠢᠲᠠᠢ ᠣᠷᠣᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠦᠢᠯᠡᠳᠬᠦᠨ ᠤ | ᠨᠡᠮᠡᠯᠲᠡ ᠦᠷᠳᠡᠭ ᠢ ᠬᠦᠴᠦᠯᠡᠨ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠦ ᠱᠠᠭᠠᠷᠳᠠᠪᠠ᠃ | | |