ᠰᠢᠨ᠎ᠡ ᠪᠠᠷᠭᠤ ᠪᠠᠷᠠᠭᠤᠨ ᠬᠤᠰᠢᠭᠤ ︽ᠭᠠᠯ ᠤᠨ ᠠᠶᠤᠯ ᠢ ᠰᠡᠷᠭᠡᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ︽ᠭᠠᠯ ᠤᠨ ᠠᠶᠤᠯ ᠢ ᠰᠡᠷᠭᠡᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠪᠥᠬᠦ ᠠᠷᠠᠳ ᠣᠷᠣᠯᠴᠠᠬᠤ ᠬᠡᠯᠪᠡᠷᠢ ᠪᠠᠷ ᠳᠠᠮᠵᠢᠨ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠵᠤ᠂ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃
4.17万里行1.jpg
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯᠭᠦᠭᠡ ᠪᠢᠴᠢᠭᠡᠰᠦ ᠲᠤᠬᠢᠷᠠᠭᠤᠯᠵᠤ᠂ ᠣᠷᠣᠯᠴᠠᠭᠰᠠᠳ ᠭᠠᠷ ᠤᠨ ᠦᠰᠦᠭ ᠵᠢᠷᠤᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠬᠦ ᠡᠷᠴᠢ ᠵᠣᠷᠢᠭ ᠢᠶᠠᠨ ᠭᠦᠢᠴᠡᠳ ᠢᠯᠡᠳᠬᠡᠪᠡ᠃
4.17万里行2.jpg
      ᠲᠣᠰ ᠤᠳᠠᠭᠠᠨ ᠤ ᠠᠵᠢᠯᠯᠠᠭ᠎ᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠭᠠᠯ ᠤᠨᠲᠠᠷᠠᠭᠠᠬᠤ ᠵᠡᠷᠭᠡ ᠣᠯᠠᠨ ᠰᠠᠯᠠᠭ᠎ᠠ ᠮᠥᠴᠢᠷ ᠣᠷᠣᠯᠴᠠᠵᠤ᠂ ᠭᠠᠯ ᠢ ᠰᠡᠷᠭᠡᠶᠢᠯᠡᠬᠦ ᠲᠤᠰᠬᠠᠶ ᠲᠡᠷᠭᠡ ᠬᠥᠰᠭᠡ ᠶᠢ 30᠂ ᠠᠵᠢᠯᠲᠠᠳ ᠢ 110 ᠭᠠᠷᠤᠶ ᠬᠦᠮᠦᠨ ᠤᠳᠠᠭ᠎ᠠ ᠲᠣᠮᠢᠯᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠮᠠᠰᠢᠨ ᠲᠡᠷᠭᠡ ᠲᠠᠢ ᠭᠤᠤᠯ ᠵᠡᠭᠡᠯᠢ ᠭᠤᠳᠤᠮᠵᠢ᠂ ᠠᠭᠤᠳᠠᠮ ᠲᠠᠯᠠᠪᠠᠶ ᠵᠡᠷᠭᠡ ᠬᠥᠮᠦᠨ ᠬᠠᠷ᠎ᠠ ᠬᠤᠷᠠᠨ ᠴᠤᠭᠯᠠᠷᠠᠬᠤ ᠲᠠᠯᠠᠪᠤᠷ ᠲᠤ ᠭᠦᠨᠵᠡᠭᠡᠶᠢᠷᠡᠵᠦ᠂ ᠭᠠᠯ ᠢ ᠰᠡᠷᠭᠡᠶᠢᠯᠡᠬᠦ ᠰᠠᠨᠠᠭᠤᠯᠤᠮᠵᠢ ᠶᠢ ᠡᠭᠡᠯᠵᠢᠯᠡᠨ ᠨᠡᠪᠲᠡᠷᠡᠭᠦᠯᠵᠦ᠂ ᠰᠡᠷᠡᠮᠵᠢᠯᠡᠭᠦᠯᠬᠦ ᠦᠷ᠎ᠡ ᠪᠦᠲᠦᠮᠵᠢ ᠶᠢ ᠴᠢᠩᠭᠠᠳᠬᠠᠪᠠ᠃ ᠡᠭᠦᠨ ᠤ ᠬᠠᠮᠲᠤ᠂ ᠠᠵᠢᠯᠲᠠᠳ ᠡᠷᠦᠬᠡ ᠳᠤ ᠬᠦᠷᠴᠦ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠣᠯᠠᠨ ᠲᠦᠮᠡᠨ ᠳᠤ ᠭᠠᠯ ᠤᠨ ᠠᠶᠤᠯ ᠢ ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠯᠭᠡ ᠶᠢ ᠲᠦᠭᠡᠮᠡᠯᠵᠢᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠡᠭᠦᠳᠡᠯ ᠤᠬᠠᠭᠤᠯᠭ᠎ᠠ ᠶᠢᠨ ᠲᠡᠷᠭᠡ ᠪᠠᠷ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠨ᠂ ᠣᠯᠠᠨ ᠨᠡᠶᠢᠲᠡ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠵᠢᠴᠢ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠠᠯ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠭᠠᠯ ᠢ ᠰᠡᠷᠭᠡᠶᠢᠯᠡᠬᠦ ᠤᠬᠠᠭᠤᠯᠭ᠎ᠠ ᠶᠢ ᠵᠡᠷᠭᠡᠪᠡᠷ ᠥᠷᠨᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠬᠠᠪᠤᠷ ᠤᠨ ᠤᠯᠠᠷᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ︽ᠰᠠᠨᠠᠭᠠᠴᠢᠯᠠᠭᠠᠲᠤ ᠳᠠᠶᠢᠯᠠᠯᠳᠤᠭᠠᠨ︾ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠣᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ