ᠥᠪᠥᠷ ᠮᠣᠩᠭᠤᠯ ᠤᠨ ᠳᠡᠭᠡᠳᠦ ᠬᠠᠭᠠᠰ ᠵᠢᠯ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠤᠨ ᠰᠢᠯᠭᠠᠯᠲᠠ ︵ᠨᠢᠭᠤᠷᠳᠠᠨ ᠰᠢᠯᠭᠠᠯᠲᠠ︶ 21 ᠤ ᠡᠳᠦᠷ ᠠᠴᠠ ᠡᠬᠢᠯᠡᠨ ᠨᠡᠷ᠎ᠡ ᠮᠡᠳᠡᠭᠦᠯᠦᠨ᠎ᠡ
ᠨᠡᠶᠢᠲᠡᠯᠡᠭᠰᠡᠨ ᠴᠠᠭ᠄
2025/4/17
      4 ᠳ᠋ᠦ᠋ᠭᠡᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠰᠢᠯᠭᠠᠯᠲᠠ ᠶᠢᠨ ᠬᠦᠷᠢᠶᠡᠯᠡᠩ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2025 ᠣᠨ ᠤ ᠳᠡᠭᠡᠳᠦ ᠬᠠᠭᠠᠰ ᠵᠢᠯ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠨᠢᠭᠤᠷᠲᠠᠨ ᠰᠢᠯᠭᠠᠯᠲᠠ 5 ᠳ᠋ᠤᠭᠠᠷ ᠰᠠᠷ᠎ᠠ ᠶᠢᠨ 17 ᠤ ᠡᠳᠦᠷ ᠠᠴᠠ 18 ᠤ ᠡᠳᠦᠷ ︵ᠬᠡᠰᠡᠭ ᠰᠢᠯᠭᠠᠯᠲᠠ ᠶᠢᠨ ᠴᠡᠭ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠪᠠᠷ ᠬᠤᠶᠢᠰᠢᠯᠠᠭᠤᠯᠵᠤ ᠪᠣᠯᠤᠨ᠎ᠠ︶ ᠪᠣᠯᠲᠠᠯ᠎ᠠ ᠶᠠᠪᠤᠭᠳᠠᠨ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠨᠢ 4 ᠳ᠋ᠦ᠋ᠭᠡᠷ ᠰᠠᠷ᠎ᠠ ᠶᠢᠨ 21 ᠤ ᠡᠳᠦᠷ ᠤᠨ 10᠄ 00 - 24 ᠤ ᠡᠳᠦᠷ ᠤᠨ 17᠄ 00 ᠪᠣᠯᠲᠠᠯ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ