4 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ︽ᠭᠠᠯ ᠤᠨ ᠠᠶᠤᠯ ᠢ ᠰᠡᠷᠭᠡᠢᠯᠡᠵᠦ᠂ ᠠᠮᠢ ᠨᠠᠰᠤ ᠪᠠᠨ ᠨᠠᠨᠳᠢᠩᠨᠠᠨ᠂ ᠤᠮᠠᠷᠠᠲᠤ | ᠬᠢᠯᠢ ᠶᠢ ᠰᠠᠬᠢᠨ ᠬᠠᠮᠠᠭᠠᠯᠠᠬᠤ︾ ᠵᠢᠴᠢ ᠠᠷᠪᠠᠨ ᠭᠤᠷᠪᠠᠳᠤᠭᠠᠷ ᠤᠳᠠᠭᠠᠨ ᠤ ︽ᠵᠠᠭᠤᠨ ᠲᠡᠷᠭᠡ ᠮᠢᠩᠭᠠᠨ ᠬᠥᠮᠦᠨ ᠲᠦᠮᠡᠨ ᠭᠠᠵᠠᠷ ᠤᠨ ᠠᠶᠠᠯᠠᠯ︾ ᠠᠮᠢ | ᠠᠬᠤᠢ ᠶᠢᠨ ᠬᠠᠯᠬᠠᠪᠴᠢ ᠶᠢ ᠬᠠᠮᠠᠭᠠᠯᠠᠬᠤ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠪᠥᠬᠦ ᠠᠷᠠᠳ | ᠣᠷᠣᠯᠴᠠᠬᠤ ᠬᠡᠯᠪᠡᠷᠢ ᠪᠠᠷ ᠳᠠᠮᠵᠢᠨ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠵᠤ᠂ ᠤᠮᠠᠷᠠᠲᠤ ᠬᠢᠯᠢ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯᠭᠦᠭᠡ ᠪᠢᠴᠢᠭᠡᠰᠦ ᠲᠤᠬᠢᠷᠠᠭᠤᠯᠵᠤ᠂ ᠣᠷᠣᠯᠴᠠᠭᠰᠠᠳ ᠭᠠᠷ ᠤᠨ ᠦᠰᠦᠭ ᠵᠢᠷᠤᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠬᠢᠵᠢᠭᠦᠯᠬᠦ ᠡᠷᠴᠢ ᠵᠣᠷᠢᠭ ᠢᠶᠠᠨ ᠭᠦᠢᠴᠡᠳ ᠢᠯᠡᠳᠬᠡᠪᠡ᠃ | ᠲᠣᠰ ᠤᠳᠠᠭᠠᠨ ᠤ ᠠᠵᠢᠯᠯᠠᠭ᠎ᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠭᠠᠯ ᠤᠨᠲᠠᠷᠠᠭᠠᠬᠤ ᠵᠡᠷᠭᠡ | ᠣᠯᠠᠨ ᠰᠠᠯᠠᠭ᠎ᠠ ᠮᠥᠴᠢᠷ ᠣᠷᠣᠯᠴᠠᠵᠤ᠂ ᠭᠠᠯ ᠢ ᠰᠡᠷᠭᠡᠶᠢᠯᠡᠬᠦ ᠲᠤᠰᠬᠠᠶ ᠲᠡᠷᠭᠡ 30 ᠪᠠ110 ᠭᠠᠷᠤᠶ ᠠᠵᠢᠯᠲᠠᠨ ᠢ ᠲᠣᠮᠢᠯᠠᠨ ᠤᠬᠠᠭᠤᠯᠭ᠎ᠠ ᠥᠷᠨᠢᠭᠦᠯᠪᠡ᠃ | ᠠᠵᠢᠯᠯᠠᠭ᠎ᠠ ᠳᠤ᠂ ᠮᠠᠰᠢᠨ ᠲᠡᠷᠭᠡ ᠲᠠᠢ ᠭᠤᠤᠯ ᠵᠡᠭᠡᠯᠢ ᠭᠤᠳᠤᠮᠵᠢ᠂ ᠠᠭᠤᠳᠠᠮ ᠲᠠᠯᠠᠪᠠᠶ ᠵᠡᠷᠭᠡ ᠬᠥᠮᠦᠨ ᠬᠠᠷ᠎ᠠ ᠬᠤᠷᠠᠨ ᠴᠤᠭᠯᠠᠷᠠᠬᠤ ᠲᠠᠯᠠᠪᠤᠷ ᠲᠤ ᠭᠦᠨᠵᠡᠭᠡᠶᠢᠷᠡᠵᠦ | ᠂ ᠭᠠᠯ ᠢ ᠰᠡᠷᠭᠡᠶᠢᠯᠡᠬᠦ ᠰᠠᠨᠠᠭᠤᠯᠤᠮᠵᠢ ᠶᠢ ᠡᠭᠡᠯᠵᠢᠯᠡᠨ ᠨᠡᠪᠲᠡᠷᠡᠭᠦᠯᠵᠦ᠂ ᠰᠡᠷᠡᠮᠵᠢᠯᠡᠭᠦᠯᠬᠦ ᠦᠷ᠎ᠡ ᠪᠦᠲᠦᠮᠵᠢ ᠶᠢ ᠴᠢᠩᠭᠠᠳᠬᠠᠪᠠ᠃ ᠡᠭᠦᠨ ᠤ ᠬᠠᠮᠲᠤ᠂ ᠠᠵᠢᠯᠲᠠᠳ | ᠡᠷᠦᠬᠡ ᠳᠤ ᠬᠦᠷᠴᠦ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠣᠯᠠᠨ ᠲᠦᠮᠡᠨ ᠳᠤ ᠭᠠᠯ ᠤᠨ ᠠᠶᠤᠯ ᠢ | ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠯᠭᠡ ᠶᠢ ᠲᠦᠭᠡᠮᠡᠯᠵᠢᠭᠦᠯᠪᠡ᠃ | | | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠪᠤᠷᠠᠨ ᠲᠤᠰᠠᠯᠠᠬᠤ ᠲᠥᠪ ᠤᠨ ᠳᠡᠳ᠋ ᠳᠠᠷᠤᠭ᠎ᠠ ᠴᠣᠯᠮᠣᠨ᠄ ︽ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ | ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠨᠤᠲᠤᠭ ᠪᠡᠯᠴᠢᠭᠡᠷ ᠢ ᠰᠠᠶᠢᠲᠤᠷ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ | ᠪᠣᠯᠤᠰᠢ ᠥᠬᠡᠶ ᠬᠠᠷᠢᠭᠤᠴᠠᠯᠭ᠎ᠠ ᠮᠥᠨ᠃ ᠪᠢᠳᠡ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠵᠣᠷᠢᠯᠭ᠎ᠠ ᠨᠢ ᠰᠠᠭᠤᠭᠠᠯᠢ ᠠᠷᠠᠳ ᠤᠨ ᠭᠠᠯ ᠢ ᠰᠡᠷᠭᠡᠶᠢᠯᠡᠬᠦ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠵᠡᠮᠰᠢᠵᠦ᠂ ᠪᠣᠬᠢᠷᠲᠤᠯ ᠦᠭᠡᠢ ᠭᠡᠷ ᠣᠷᠣᠨ ᠢᠶᠠᠨ | ᠬᠠᠮᠲᠤᠪᠠᠷ ᠰᠠᠬᠢᠨ ᠬᠠᠮᠠᠭᠠᠯᠠᠬᠤ ᠶᠢᠨ ᠲᠥᠯᠥᠭᠡ ᠶᠤᠮ︾ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠦᠷᠭᠦᠯᠵᠢᠯᠡᠨ᠎ᠡ᠃ ᠠᠵᠢᠯᠯᠠᠭ᠎ᠠ ᠶᠢᠨ ᠬᠤᠭᠤᠴᠠᠭᠠᠨ ᠳᠤ᠂ | ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠡᠭᠦᠳᠡᠯ ᠤᠬᠠᠭᠤᠯᠭ᠎ᠠ ᠶᠢᠨ ᠲᠡᠷᠭᠡ ᠪᠠᠷ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠨ᠂ ᠣᠯᠠᠨ | ᠨᠡᠶᠢᠲᠡ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ ᠵᠢᠴᠢ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ | ᠣᠯᠠᠨ ᠨᠡᠶᠢᠲᠡ ᠶᠢᠨ ᠭᠠᠯ ᠢ ᠰᠡᠷᠭᠡᠶᠢᠯᠡᠬᠦ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠠᠯ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠳᠦᠯᠲᠡᠶ | ᠲᠣᠬᠢᠷᠠᠭᠤᠯᠤᠯᠲᠠ ᠶᠣᠰᠣᠭᠠᠷ᠂ ᠭᠠᠯ ᠢ ᠰᠡᠷᠭᠡᠶᠢᠯᠡᠬᠦ ᠤᠬᠠᠭᠤᠯᠭ᠎ᠠ ᠶᠢ ᠵᠡᠷᠭᠡᠪᠡᠷ ᠥᠷᠨᠢᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠦᠷᠭᠦᠯᠵᠢᠯᠡᠨ | ᠴᠢᠩᠭᠠᠳᠬᠠᠵᠤ᠂ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠬᠠᠪᠤᠷ ᠤᠨ ᠤᠯᠠᠷᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ︽ᠰᠠᠨᠠᠭᠠᠴᠢᠯᠠᠭᠠᠲᠤ ᠳᠠᠶᠢᠯᠠᠯᠳᠤᠭᠠᠨ︾ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠣᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | | | |