ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/17
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠮᠡᠳᠡᠯᠭᠡ ᠶᠢ ᠳᠡᠭᠡᠭᠰᠢᠯᠡᠭᠦᠯᠦᠨ ᠰᠢᠯᠢᠳᠡᠭᠵᠢᠭᠦᠯᠬᠦ ᠶᠢᠨ ᠲᠥᠯᠥᠭᠡ᠂ 3 ᠰᠠᠷ᠎ᠠ ᠶᠢᠨ 25 ᠤ ᠡᠳᠦᠷ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠳ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠵᠣᠬᠢᠶᠠᠨ ᠪᠠᠶᠢᠭᠤᠯᠤᠨ ᠰᠤᠷᠤᠯᠴᠠᠪᠠ᠃
3.27林草局1.png
      ᠬᠤᠷᠠᠯ ᠠᠴᠠ ︽ᠳᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ᠂ ᠭᠤᠣᠯᠳᠠᠯᠭ᠎ᠠ ᠲᠠᠢ ᠠᠭᠤᠯᠭ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠠᠭᠠᠯᠠᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠠᠤᠯᠢᠵᠢᠯ ᠤᠨ ᠪᠠᠲᠤᠯᠠᠭ᠎ᠠ ᠵᠡᠷᠭᠡ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠬᠢᠪᠡ᠃ ᠡᠭᠦᠨ ᠤ ᠬᠠᠮᠲᠤ ᠺᠠᠳ᠋ᠷ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠲᠣᠰ ᠪᠡᠶ᠎ᠡ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠃      ᠰᠤᠷᠤᠯᠴᠠᠯᠭ᠎ᠠ ᠪᠠᠷ ᠳᠡᠮᠵᠢᠨ᠂ ᠪᠥᠬᠦ ᠺᠠᠳ᠋ᠷ ᠠᠵᠢᠯᠲᠠᠳ ︽ᠲᠦᠷᠢᠮ︾ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠵᠣ᠂ ᠣᠶ ᠰᠢᠭᠤᠶ ᠪᠠ ᠨᠤᠲᠤᠭ ᠪᠡᠯᠴᠢᠭᠡᠷ ᠤᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ