ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠠᠭᠤᠯᠵᠠᠯᠲᠠ ᠬᠢᠪᠡ᠃ | | | | | 4 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ | ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ ᠠᠰᠠᠷ ᠲᠤ ᠠᠭᠤᠯᠵᠠᠯᠲᠠ ᠬᠢᠪᠡ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠣᠯ ᠨᠥᠭᠦᠷᠰᠡᠭ ᠬᠥᠷᠰᠢ ᠤᠯᠤᠰ ᠮᠥᠨ᠂ ᠨᠡᠩ ᠴᠤ ᠰᠡᠳᠬᠢᠯ ᠤᠨ ᠨᠠᠶᠢᠵᠠ ᠮᠥᠨ᠃ ᠳᠤᠮᠳᠠᠳᠤ | ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠮᠥᠨ᠃ | ᠣᠳᠣᠬᠠᠨ ᠳᠤ ᠳᠤᠮᠳᠠᠳᠤ ᠺᠠᠮᠪᠤᠵᠠ ᠬᠤᠶᠠᠷ ᠤᠯᠤᠰ ᠴᠥᠮ ᠬᠥᠭᠵᠢᠯᠲᠡ ᠶᠢᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ | ᠠᠷᠠᠳ ᠲᠦᠮᠡᠨ ᠤ ᠪᠤᠶᠠᠨ ᠵᠢᠷᠭᠠᠯ ᠳᠤ ᠰᠡᠳᠬᠢᠯ ᠲᠠᠯᠪᠢᠵᠤ᠂ ᠬᠡᠬᠦᠳᠡᠭ ᠴᠡᠭᠡᠵᠢᠨ ᠳᠡᠭᠡᠨ ᠬᠥᠮᠥᠨ ᠲᠥᠷᠥᠯᠬᠢᠲᠡᠨ ᠤ ᠲᠠᠪᠰᠢᠯᠳᠠ ᠶᠢ ᠪᠠᠭᠲᠠᠭᠠᠵᠤ᠂ ᠲᠤᠰ | ᠲᠤᠰ ᠤᠨ ᠢᠶᠠᠨ ᠣᠳᠣᠬᠢᠴᠢᠯᠠᠯᠲᠠ ᠶᠢ ᠠᠬᠢᠭᠤᠯᠬᠤ ᠠᠬᠢᠴᠠ ᠳᠤᠮᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ | ᠦᠯᠢᠭᠡᠷ ᠵᠢᠱᠢᠶ᠎ᠡ ᠦᠵᠡᠭᠦᠯᠵᠦ᠂ ᠭᠠᠷ ᠬᠤᠯᠪᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠳᠤᠮᠳᠠ ᠡᠩᠬᠡ ᠲᠠᠶᠢᠪᠤᠩ ᠤᠨ ᠬᠦᠴᠦᠨ᠂ | ᠲᠣᠭᠲᠠᠭᠤᠨ ᠤ ᠬᠦᠴᠦᠨ᠂ ᠲᠠᠪᠰᠢᠯᠳᠠ ᠶᠢᠨ ᠬᠦᠴᠦᠨ ᠪᠣᠯᠣᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠺᠠᠮᠪᠤᠵᠠ ᠶᠢᠨ ᠤᠯᠤᠰ ᠤᠨ ᠬᠥᠭᠵᠢᠯ ᠮᠠᠨᠳᠤᠯ ᠤᠨ ᠵᠠᠮ ᠯᠠᠪᠲᠠᠢ ᠶᠠᠪᠤᠬᠤ ᠳᠤᠳᠤᠮ ᠥᠷᠭᠡᠨ ᠳᠠᠷᠳᠠᠩ | ᠪᠤᠯᠬᠤ ᠶᠢ ᠢᠲᠡᠭᠡᠵᠦ ᠪᠠᠶᠢᠨ᠎ᠠ᠂ ᠺᠠᠮᠪᠤᠵᠠ ᠶᠢᠨ ᠠᠷᠠᠳ ᠤᠨ ᠨᠠᠮ ᠤᠨ ᠺᠠᠮᠪᠤᠵᠠ ᠶᠢᠨ ᠠᠷᠠᠳ ᠲᠦᠮᠡᠨ ᠢ ᠳᠠᠭᠠᠭᠤᠯᠤᠨ ᠤᠯᠤᠰ ᠤᠨ ᠲᠣᠭᠲᠠᠭᠤᠨ ᠪᠣᠯᠣᠨ ᠠᠵᠤ | ᠠᠬᠤᠢ ᠶᠢᠨ ᠬᠥᠭᠵᠢᠯᠲᠡ ᠪᠠᠨ ᠪᠠᠲᠤᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠺᠠᠮᠪᠤᠵᠠ ᠶᠢᠨ ᠭᠠᠵᠠᠷ ᠣᠷᠣᠨ ᠪᠣᠯᠣᠨ ᠤᠯᠠᠨ ᠤᠯᠤᠰ ᠤᠨ | ᠲᠠᠪᠴᠠᠩ ᠳᠡᠭᠡᠷ᠎ᠡ ᠨᠡᠩ ᠴᠢᠬᠤᠯᠠ ᠦᠢᠯᠡᠳᠦᠯ ᠦᠵᠡᠭᠦᠯᠭᠦ ᠶᠢ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠰᠢᠨ᠎ᠡ ᠪᠠᠷ ᠪᠠᠶᠢᠭᠤᠯᠤᠭᠰᠠᠨ ᠬᠤᠶᠠᠷ ᠤᠯᠤᠰ ᠤᠨ ᠭᠠᠳᠠᠭᠠᠳᠤ | ᠶᠠᠪᠤᠳᠠᠯ ᠤᠨ ᠶᠠᠮᠤᠨ ᠤ ᠰᠠᠶᠢᠳ᠂ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽2 + 2︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ | ᠰᠠᠶᠢᠲᠤᠷ ᠠᠰᠢᠭᠯᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠶ᠎ᠠ᠃ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠨᠢᠭᠲᠠᠷᠠᠭᠤᠯᠵᠤ᠂ ᠺᠠᠮᠪᠤᠵᠠ ᠶᠢᠨ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾᠂ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ | ᠪᠠᠶᠢᠭᠤᠯᠤᠯᠲᠠ ᠪᠠ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠰᠠᠶᠢᠲᠤᠷ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ | ᠠᠵᠠ ᠲᠣᠭᠢᠶᠠᠯ ᠢ ᠺᠠᠮᠪᠤᠵᠠ ᠳᠤ ᠨᠡᠩ ᠤᠯᠠᠨ ᠡᠳ᠋ᠯᠡᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠵᠡᠷᠭᠡ | ᠴᠢᠬᠤᠯᠠ ᠶᠡᠭᠡ ᠰᠡᠳᠦᠪ ᠤᠨ ᠲᠤᠬᠠᠢ ᠺᠠᠮᠪᠤᠵᠠ ᠯᠤᠭ᠎ᠠ ᠰᠣᠯᠢᠯᠴᠠᠭ᠎ᠠ ᠬᠢᠵᠦ ᠲᠣᠯᠢ ᠪᠤᠯᠭᠠᠵᠤ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠣᠯᠣᠨ ᠺᠠᠮᠪᠤᠵᠠ ᠶᠢᠨ ᠳᠡᠭᠡᠳᠦ ᠵᠥᠪᠯᠡᠯ᠂ ᠤᠯᠤᠰ ᠤᠨ ᠬᠤᠷᠠᠯ ᠤᠨ | ᠨᠥᠭᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠨ ᠤᠯᠠᠨ ᠲᠤᠶᠢᠯᠵᠢᠯᠲᠡ᠂ ᠠᠵᠤ ᠠᠬᠤᠢ ᠶᠢᠨ ᠳᠡᠯᠡᠬᠡᠶᠢᠵᠢᠯᠲᠡ᠂ ᠪᠣᠯᠪᠠᠰᠤᠨ ᠤ ᠤᠯᠠᠨ ᠶᠠᠩᠵᠤᠵᠢᠯᠳᠠ ᠶᠢᠨ ᠴᠠᠭ ᠦᠶ᠎ᠡ ᠶᠢᠨ | ᠤᠷᠤᠰᠬᠠᠯ ᠬᠤᠷᠢᠭᠯᠠᠭᠳᠠᠰᠢ ᠦᠭᠡᠢ᠂ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠬᠥᠮᠥᠰ ᠤᠨ ᠰᠡᠳᠬᠢᠯ ᠢ ᠣᠯᠬᠤ ᠦᠭᠡᠢ᠂ ᠠᠯᠢ ᠴᠤ ᠤᠯᠤᠰ ᠭᠡᠳ | ᠪᠢᠲᠡᠭᠦᠮᠵᠢᠯᠡᠭᠰᠡᠨ ᠲᠦᠭᠵᠢᠮᠡᠯ ᠪᠠᠶᠢᠳᠠᠯ ᠳᠠᠭᠠᠨ ᠪᠤᠴᠠᠬᠤ ᠳᠤᠷ᠎ᠠ ᠦᠭᠡᠢ ᠶᠤᠮ ᠭᠡᠳᠡᠭ ᠢ ᠲᠡᠦᠬᠡ ᠭᠡᠷᠡᠴᠢᠯᠡᠭᠰᠡᠨ ᠪᠠᠶᠢᠨ᠎ᠠ᠃ ᠠᠷᠠᠯᠵᠢᠶᠠᠨ ᠤ ᠲᠠᠶᠢᠨ ᠨᠢ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠢ ᠡᠪᠳᠡᠬᠦ ᠪᠥᠭᠡᠳ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠳᠤ ᠴᠣᠬᠢᠯᠲᠠ ᠦᠵᠡᠭᠦᠯᠳᠡᠭ᠂ ᠡᠯ᠎ᠡ ᠤᠯᠤᠰ | ᠪᠦᠯᠬᠦᠮᠳᠡᠵᠡᠭᠡᠵᠦ᠂ ᠤᠯᠤᠰ ᠤᠨ ᠠᠮᠤᠷ ᠲᠦᠪᠰᠢᠨ ᠪᠣᠯᠣᠨ ᠬᠥᠭᠵᠢᠯᠲᠡ ᠶᠢᠨ ᠭᠤᠣᠯᠯᠠᠬᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠬᠠᠷᠢᠯᠴᠠᠨ | ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ᠃ ᠠᠽᠢᠶ᠎ᠠ ᠲᠢᠪ ᠤᠨ ᠪᠦᠬᠦᠯᠢ ᠴᠣᠭᠴᠠ ᠶᠢᠨ ᠬᠥᠭᠵᠢᠯ ᠮᠠᠨᠳᠤᠯ ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ | ᠵᠣᠭᠰᠣᠵᠤ᠂ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠣᠯᠣᠨ ᠬᠥᠷᠰᠢ ᠵᠡᠷᠭᠡᠯᠡᠳᠡᠭᠡ ᠲᠠᠢ ᠪᠠᠨ | ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ ᠢ ᠪᠠᠲᠤᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢᠶᠠᠷ ᠬᠥᠷᠰᠢ ᠵᠡᠷᠭᠡᠯᠡᠳᠡᠭᠡ ᠳᠡᠭᠡᠨ ᠨᠡᠩ | ᠤᠯᠠᠨ ᠠᠰᠢᠭ ᠬᠦᠷᠲᠡᠭᠡᠵᠦ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ ᠤᠨ | ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠬᠤᠩᠰᠧᠨ᠂ ᠲᠡᠷᠢᠭᠦᠯᠡᠭᠴᠢ ᠰᠢ ᠶᠢᠨ ᠫᠢᠩ ᠤᠨ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢ ᠪᠠᠶᠠᠷᠯᠠᠨ ᠤᠭᠲᠤᠵᠤ | ᠪᠠᠶᠢᠨ᠎ᠠ᠂ ᠲᠤᠰ ᠤᠳᠠᠭ᠎ᠠ ᠶᠢᠨ ᠠᠶᠢᠯᠴᠢᠯᠠᠯᠲᠠ ᠺᠠᠮᠪᠤᠵᠠ ᠶᠢᠨ ᠬᠢᠨ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠡᠷᠢᠭᠦᠯᠡᠭᠴᠢ ᠰᠢ ᠶᠢᠨ ᠫᠢᠩ ᠪᠣᠯᠣᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠨᠢᠳᠤᠨᠤᠨ ᠤ ᠨᠡᠮᠡᠭᠳᠡᠯ ᠤᠨ ᠬᠠᠷᠠᠯᠲᠠ ᠪᠠᠨ | ᠤᠷᠤᠭᠰᠢᠲᠠᠢ ᠪᠡᠶᠡᠯᠡᠭᠦᠯᠦᠭᠰᠡᠨ ᠪᠥᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠬᠦ ᠲᠠᠯ᠎ᠠ ᠪᠠᠷ ᠬᠥᠮᠥᠰ ᠤᠨ ᠠᠩᠬᠠᠷᠤᠯ ᠢ ᠲᠠᠲᠠᠭᠰᠠᠨ | ᠠᠮᠵᠢᠯᠲᠠ ᠣᠯᠣᠭᠰᠠᠨ ᠳᠤ ᠺᠠᠮᠪᠤᠵᠠ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠡᠷᠡᠰ ᠪᠠᠲᠤ | ᠳᠡᠮᠵᠢᠭᠴᠢ᠂ ᠬᠠᠮᠤᠭ ᠤᠨ ᠨᠠᠶᠢᠳᠠᠪᠤᠷᠢᠲᠠᠢ ᠬᠠᠮᠲᠤᠷᠠᠯᠴᠠᠭᠠᠨ ᠤ ᠬᠠᠨᠢᠲᠠᠨ ᠮᠥᠨ᠂ ᠺᠠᠮᠪᠤᠵᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠳᠤ ᠳᠤᠮᠳᠠᠳᠤ ᠤᠯᠤᠰ ᠤᠨ ᠳᠡᠮᠵᠢᠯᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠳᠤ ᠺᠠᠮᠪᠤᠵᠠ ᠭᠦᠨ ᠲᠠᠯᠠᠷᠬᠠᠵᠤ ᠪᠠᠶᠢᠨ᠎ᠠ᠃ | ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠶᠢᠨ ᠲᠠᠯ᠎ᠠ ᠶᠢᠨ ᠲᠠᠶᠢᠸᠠᠨ᠂ ᠰᠢᠨᠵᠢᠶᠠᠩ ᠳᠤ | ᠬᠤᠯᠪᠣᠭᠳᠠᠬᠤ᠂ ᠲᠥᠪᠡᠳ ᠲᠤ ᠬᠤᠯᠪᠣᠭᠳᠠᠬᠤ ᠵᠡᠷᠭᠡ ᠠᠰᠠᠭᠤᠳᠠᠯ ᠳᠡᠭᠡᠷᠡᠬᠢ ᠵᠣᠭᠰᠣᠯᠲᠠ ᠶᠢ ᠲᠡᠮᠵᠢᠵᠤ᠂ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ | ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ᠃ ᠺᠠᠮᠪᠤᠵᠠ ᠳᠤᠮᠳᠠᠳᠤ ᠶᠢᠨ ᠬᠤᠭᠤᠷᠣᠨᠳᠤ ᠬᠠᠳᠠᠨ ᠪᠠᠲᠤ ᠨᠥᠬᠦᠷᠯᠡᠯ ᠢ ᠪᠠᠶᠢᠭᠤᠯᠤᠭᠰᠠᠨ ᠶᠤᠮ᠃ ᠬᠤᠶᠠᠷ | ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠴᠢᠷᠮᠠᠶᠢᠭᠰᠠᠨ ᠳᠡᠭᠡᠷ᠎ᠡ ᠴᠢᠷᠮᠠᠶᠢᠵᠤ᠂ | ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ ᠲᠦᠪᠰᠢᠨ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠦᠬᠦᠢ ᠬᠥᠭᠵᠢᠯᠲᠡ ᠶᠢ ᠠᠬᠢᠭᠤᠯᠵᠤ᠂ ᠢᠮᠠᠭᠲᠠ ᠭᠠᠷ ᠬᠤᠯᠪᠣᠨ | ᠵᠡᠷᠭᠡ ᠪᠠᠷ ᠤᠷᠤᠭᠰᠢᠯᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠤᠪᠢ ᠵᠠᠶᠠᠭ᠎ᠠ ᠪᠠᠨ ᠬᠠᠮᠲᠤᠳᠬᠠᠬᠤ ᠪᠠᠷ ᠲᠣᠭᠲᠠᠪᠠ᠃ ᠺᠠᠮᠪᠤᠵᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠯᠵᠢᠶ᠎ᠠ ᠪᠠᠨ | ᠥᠷᠭᠡᠳᠬᠡᠨ᠎ᠡ᠃ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ | ᠭᠦᠨᠵᠡᠭᠡᠢ ᠴᠣᠬᠢᠯᠲᠠ ᠥᠭᠭᠦᠨ᠎ᠡ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠦᠷᠭᠦᠯᠵᠢᠯᠡᠬᠦ ᠬᠥᠭᠵᠢᠯᠲᠡ ᠳᠤ | ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠶᠢᠨ ᠬᠢᠨ ᠤ ᠳᠤᠷᠠᠳᠤᠭᠰᠠᠨ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠡᠮᠵᠢᠨ᠎ᠠ᠃ ᠡᠨᠡ ᠨᠢ ᠳᠡᠯᠡᠬᠡᠢ | ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠠᠬᠢᠭᠤᠯᠬᠤ ᠳᠤ ᠠᠰᠢᠭᠲᠠᠢ ᠶᠤᠮ᠃ | ᠠᠷᠠᠯᠵᠢᠶᠠᠨ ᠤ ᠲᠠᠶᠢᠨ᠂ ᠪᠣᠭᠤᠮᠲᠠ ᠶᠢᠨ ᠭᠠᠶᠢᠯᠢ ᠶᠢᠨ ᠲᠠᠶᠢᠨ ᠨᠢ ᠡᠯ᠎ᠡ ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠤᠬᠢᠷᠠᠭᠤᠯᠵᠤ᠂ ᠳᠡᠯᠡᠬᠡᠢ ᠶᠢᠨ | ᠪᠠᠶᠢᠳᠠᠯ ᠢ ᠲᠣᠭᠲᠠᠭᠤᠨ ᠪᠤᠰᠤ ᠪᠣᠯᠭᠠᠪᠠ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | |