ᠰᠢ ᠶᠢᠨ ᠫᠢᠩ ᠺᠠᠮᠪᠤᠵᠠ ᠶᠢᠨ ᠵᠠᠭᠤᠴᠢᠯᠠᠭᠤᠷ ᠲᠤ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ
ᠨᠡᠶᠢᠲᠡᠯᠡᠭᠰᠡᠨ ᠴᠠᠭ᠄
2025/4/18
      ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ   4 ᠰᠠᠷ᠎ᠠ ᠶᠢᠨ 17 ᠤ ᠡᠳᠦᠷ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠫᠨᠤᠮ ᠪᠧᠩ ᠳᠤ ᠬᠦᠷᠴᠦ ᠺᠠᠮᠪᠤᠵᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠺᠠᠮᠪᠤᠵᠠ ᠶᠢᠨ ︽ᠺᠮᠧᠷ ᠤᠨ ᠴᠠᠭ ᠰᠣᠨᠢᠨ︾᠂ ︽ᠺᠠᠮᠪᠤᠵᠠ ᠳᠤᠮᠳᠠᠳᠤ ᠶᠢᠨ ᠡᠳᠦᠷ ᠤᠨ ᠰᠣᠨᠢᠨ︾ ᠪᠣᠯᠣᠨ ᠺᠠᠮᠪᠤᠵᠠ ᠶᠢᠨ ︽ᠰᠢᠨ᠎ᠡ ᠰᠡᠪᠡᠭᠦᠨ ᠰᠣᠨᠢᠨ ᠮᠡᠳᠡᠭᠡ︾ ᠰᠦᠯᠵᠢᠶ᠎ᠡ ᠳᠤ ︽ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄      ᠥᠭᠡᠳᠡ ᠥᠭᠡᠳᠡ ᠠᠴᠠ ᠪᠠᠨ ᠲᠡᠮᠡᠦᠯᠵᠦ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ                ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ  ᠰᠢ ᠶᠢᠨ ᠫᠢᠩ      ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ ᠤᠷᠢᠯᠭ᠎ᠠ ᠪᠠᠷ ᠰᠠᠶᠢᠨ ᠨᠠᠶᠢᠵᠠ ᠶᠢᠨ ᠳᠠᠭᠠᠨ ᠠᠶᠢᠯᠴᠢᠯᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠠᠬ᠎ᠠ ᠳᠡᠭᠦᠦ ᠺᠠᠮᠪᠤᠵᠠ ᠶᠢᠨ ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 9 ᠵᠢᠯ ᠤᠨ ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠬᠥᠲᠥᠯᠥᠨ ᠳᠠᠭᠠᠭᠤᠯᠵᠤ ᠶᠢ ᠬᠦᠰᠡᠵᠦ ᠪᠠᠶᠢᠨ᠎ᠠ᠃      ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠡᠦᠬᠡ ᠶᠢᠨ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠪᠣᠯᠣᠨ ᠺᠠᠮᠪᠤᠵᠠ ᠶᠢᠨ ᠭᠠᠵᠠᠷ ᠵᠦᠢ ᠶᠢᠨ ᠪᠠᠶᠢᠷᠢᠯᠠᠯ ᠤᠶᠢᠷᠠᠯᠴᠠᠭ᠎ᠠ ᠪᠠᠶᠢᠵᠤ᠂ ᠨᠥᠭᠦᠷᠰᠡᠭ ᠶᠠᠪᠤᠯᠴᠠᠭ᠎ᠠ ᠶᠢ 2000 ᠰᠢᠬᠠᠮ ᠵᠢᠯ ᠤᠨ ᠡᠮᠦᠨ᠎ᠡ ᠭᠦᠷᠲᠡᠯ᠎ᠡ ᠮᠥᠷᠳᠡᠵᠦ ᠪᠣᠯᠣᠨ᠎ᠠ᠃ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠳᠤ ᠺᠮᠧᠷ ᠸᠠᠩ ᠤᠨ ᠤᠭᠰᠠᠭᠠᠨ ᠤ ᠪᠦᠷᠢᠯᠳᠦᠭᠦᠨ ᠳᠤᠮᠳᠠᠳᠤ ᠤᠯᠤᠰ ᠤᠨ ᠴᠠᠩ ᠠᠨ ᠳᠤ ᠠᠶᠢᠯᠴᠢᠯᠠᠵᠤ᠂ ︽ᠪᠢᠨ ᠬᠠᠨ︾ ᠭᠡᠵᠦ ᠨᠡᠷᠡᠯᠡᠭᠳᠡᠨ ᠬᠦᠨᠳᠦᠳᠬᠡᠭᠳᠡᠪᠡ᠃ ᠲᠡᠷᠡ ᠦᠶ᠎ᠡ ᠠᠴᠠ ᠡᠬᠢᠯᠡᠨ ᠬᠤᠶᠠᠷ ᠤᠯᠤᠰ ᠨᠢᠭᠲᠠ ᠶᠠᠪᠤᠯᠴᠠᠭᠰᠠᠭᠠᠷ ᠢᠷᠡᠵᠡᠢ᠃ ᠳᠤᠮᠳᠠᠳᠤ ᠤᠯᠤᠰ ᠤᠨ ᠱᠠᠭᠠᠵᠠᠩ ᠡᠳ᠋ᠯᠡᠯ᠂ ᠰᠢᠷᠳᠡᠮᠡᠯ ᠡᠳ᠋ᠯᠡᠯ ᠲᠡᠯᠡᠶ ᠳᠡᠭᠡᠷᠡᠬᠢ ᠲᠣᠷᠭᠠᠨ ᠵᠠᠮ ᠢᠶᠠᠷ ᠺᠠᠮᠪᠤᠵᠠ ᠳᠤ ᠬᠦᠷᠭᠡᠭᠳᠡᠵᠦ᠂ ᠺᠠᠮᠪᠤᠵᠠ ᠶᠢᠨ ᠦᠨᠦᠷᠲᠦ ᠡᠳ᠋᠂ ᠲᠣᠷᠭ᠎ᠠ ᠶᠢᠨ ᠲᠦᠭᠦᠬᠡᠢ ᠮᠠᠲ᠋ᠧᠷᠢᠶᠠᠯ ᠵᠡᠷᠭᠡ ᠣᠨᠴᠠ ᠭᠠᠷᠤᠯᠲᠠ ᠳᠤᠮᠳᠠᠳᠤ ᠤᠯᠤᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠵᠤ᠂ ᠪᠠᠶᠤᠨ ᠰᠦᠮ᠎ᠡ ᠶᠢᠨ ᠭᠦᠳᠦᠭᠦᠷ ᠱᠤᠭᠤᠮᠠᠯ ᠨᠢ ᠲᠡᠦᠬᠡᠨ ᠳᠡᠭᠡᠷᠡᠬᠢ ᠬᠤᠶᠠᠷ ᠤᠯᠤᠰ ᠤᠨ ᠠᠷᠠᠯᠵᠢᠶᠠᠨ ᠤ ᠦᠪᠡᠳᠡᠭᠰᠢ ᠪᠠᠶᠢᠳᠠᠯ ᠢ ᠠᠮᠢᠯᠠᠭᠤᠯᠤᠨ ᠢᠯᠡᠷᠡᠭᠦᠯᠪᠡ᠃ ᠺᠠᠮᠪᠤᠵᠠ ᠶᠢᠨ ᠣᠯᠠᠨ ᠬᠤᠲᠤᠭᠲᠤ ᠯᠠᠮᠠ ᠳᠤᠮᠳᠠᠳᠤ ᠤᠯᠤᠰ ᠲᠤ ᠬᠦᠷᠴᠦ ᠨᠣᠮ ᠤᠯᠠᠮᠵᠢᠯᠠᠨ ᠱᠠᠰᠢᠨ ᠳᠡᠯᠭᠡᠷᠡᠭᠦᠯᠵᠦ᠂ ᠳᠤᠮᠳᠠᠳᠤ ᠤᠯᠤᠰ ᠤᠨ ᠶᠤᠸᠠᠨ ᠤᠯᠤᠰ ᠤᠨ ᠵᠧᠦ ᠳ᠋ᠡ ᠭᠤᠸᠠᠨ ᠤ ᠵᠣᠬᠢᠶᠠᠭᠰᠠᠨ ︽ᠺᠮᠧᠷ ᠤᠨ ᠨᠤᠲᠤᠭ ᠤᠰᠤᠨ ᠤ ᠲᠡᠮᠳᠡᠭᠯᠡᠯ︾ ᠨᠢ ᠺᠠᠮᠪᠤᠵᠠ ᠶᠢᠨ ᠲᠡᠦᠬᠡ ᠶᠢ ᠰᠤᠳᠤᠯᠬᠤ ᠴᠢᠬᠤᠯᠠ ᠲᠤᠯᠭᠤᠷ ᠪᠢᠴᠢᠭ ᠪᠣᠯᠤᠭᠰᠠᠨ ᠪᠠᠶᠢᠨ᠎ᠠ᠃ ᠠᠭᠤᠤ ᠶᠡᠭᠡ ᠳᠤᠮᠳᠠᠳᠤ ᠶᠢᠨ ᠪᠣᠯᠪᠠᠰᠤᠨ ᠪᠣᠯᠣᠨ ᠺᠮᠧᠷ ᠤᠨ ᠪᠣᠯᠪᠠᠰᠤᠨ ᠥᠨᠢ ᠤᠳᠠᠭᠠᠨ ᠲᠡᠦᠬᠡ ᠶᠢᠨ ᠤᠷᠲᠤ ᠠᠶᠠᠨ ᠢ ᠳᠤᠭᠤᠯᠵᠤ᠂ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃      ᠵᠢᠷᠤᠮ ᠡᠯᠪᠡᠷᠢᠯ ᠢ ᠬᠦᠨᠳᠦᠳᠬᠡᠬᠦ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠯᠡ ᠲᠣᠳᠣ ᠣᠨᠴᠠᠯᠢᠭ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠠᠶᠢᠳ ᠵᠧᠦ ᠧᠨ ᠯᠠᠢ ᠵᠡᠷᠭᠡ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ ᠰᠢᠬᠠᠨᠦ᠋ᠺᠧ ᠴᠢᠨ ᠸᠠᠩ ᠪᠣᠯ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠢ ᠬᠠᠮᠲᠤ ᠪᠠᠷ ᠴᠣᠭᠴᠠᠯᠠᠨ ᠪᠠᠶᠢᠭᠤᠯᠤᠭᠴᠢ ᠮᠥᠨ᠃ 70 ᠵᠢᠯ ᠤᠨ ᠡᠮᠦᠨ᠎ᠡ ᠰᠢᠬᠠᠨᠥ᠋ᠺᠧ ᠴᠢᠨ ᠸᠠᠩ ᠪᠣᠯᠣᠨ ᠵᠧᠦ ᠧᠨ ᠯᠠᠢ ᠶᠡᠷᠦᠩᠬᠡᠢ ᠰᠠᠶᠢᠳ ᠪᠠᠨᠳᠥ᠋ᠩ ᠤᠨ ᠬᠤᠷᠠᠯ ᠳᠡᠭᠡᠷ᠎ᠡ ᠠᠭᠤᠯᠵᠠᠮᠠᠭᠴᠠ ᠬᠠᠭᠤᠴᠢᠨ ᠲᠠᠨᠢᠯ ᠮᠡᠲᠦ ᠪᠠᠶᠢᠵᠤ᠂ ᠺᠠᠮᠪᠤᠵᠠ ᠶᠢᠨ ᠬᠢᠨ ᠳᠠᠪᠬᠤᠷ ᠳᠠᠪᠬᠤᠷ ᠬᠠᠷᠰᠢ ᠰᠠᠭᠠᠳ ᠢ ᠢᠯᠠᠨ ᠳᠠᠪᠠᠵᠤ 1958 ᠣᠨ ᠳᠤ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠵᠤ᠂ ᠳᠤᠮᠳᠠᠳᠤ ᠤᠯᠤᠰ ᠤᠨ ᠬᠢᠨ ᠺᠠᠮᠪᠤᠵᠠ ᠶᠢᠨ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠬᠦ᠂ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠪᠦᠭᠦ ᠬᠦᠴᠦ ᠪᠠᠷ ᠢᠶᠠᠨ ᠳᠡᠮᠵᠢᠪᠡ᠃  ᠬᠤᠶᠠᠷ ᠲᠠᠯ᠎ᠠ  ᠢᠶᠠᠨ ᠬᠠᠮᠤᠭ ᠠᠴᠠ ᠪᠠᠴᠢᠮ ᠬᠠᠪᠰᠤᠷᠤᠯᠭ᠎ᠠ ᠬᠦᠰᠡᠭᠰᠡᠨ ᠴᠠᠭ ᠮᠥᠴᠡ ᠳᠤ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠ᠃ ᠰᠢᠬᠠᠨᠦ᠋ᠺᠧ ᠴᠢᠨ ᠸᠠᠩ ᠳᠤᠮᠳᠠᠳᠤ ᠤᠯᠤᠰ ᠲᠤ 40 ᠰᠢᠬᠠᠮ ᠵᠢᠯ ᠠᠮᠢᠳᠤᠷᠠᠵᠤ᠂ ᠳᠤᠮᠳᠠᠳᠤ ᠤᠯᠤᠰ ᠢ ᠬᠤᠶᠠᠳᠠᠭᠢ ᠨᠤᠲᠤᠭ ᠢᠶᠠᠷ ᠦᠵᠡᠵᠦ᠂ ᠲᠡᠭᠦᠨ ᠤ ᠵᠣᠬᠢᠶᠠᠨ ᠪᠦᠲᠦᠭᠡᠭᠰᠡᠨ ︽ᠳᠤᠮᠳᠠᠳᠤ ᠤᠯᠤᠰ ᠢ ᠳᠤᠷᠠᠰᠤᠨ ᠰᠠᠨᠠᠭᠠᠯᠵᠠᠬᠤᠢ︾ ᠵᠡᠷᠭᠡ ᠳᠤᠮᠳᠠᠳᠤ ᠺᠠᠮᠪᠤᠵᠠ ᠶᠢᠨ ᠨᠥᠬᠦᠷᠯᠡᠯ ᠢ ᠮᠠᠭᠲᠠᠨ ᠳᠠᠭᠤᠯᠠᠭᠰᠠᠨ ᠳᠠᠭᠤᠤ ᠨᠢ ᠤᠳᠤ ᠪᠤᠯᠲᠠᠯ᠎ᠠ ᠤᠯᠠᠮᠵᠢᠯᠠᠭᠳᠠᠭᠰᠠᠭᠠᠷ ᠪᠠᠶᠢᠨ᠎ᠠ᠃ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠵᠢᠯ ᠪᠦᠷᠢ ᠳᠤᠮᠳᠠᠳᠤ ᠤᠯᠤᠰ ᠲᠤ ᠢᠷᠡᠳᠡᠭ ᠪᠥᠭᠡᠳ ᠪᠢ ᠬᠤᠶᠠᠷ ᠬᠠᠭᠠᠨᠲᠠᠨ ᠲᠠᠢ ᠣᠯᠠᠨ ᠤᠳᠠᠭ᠎ᠠ ᠠᠭᠤᠯᠵᠠᠵᠤ ᠵᠣᠭᠤᠭ ᠳᠡᠯᠭᠡᠪᠡ᠃ 2020 ᠣᠨ ᠳᠤ ᠪᠢ ᠸᠠᠩ ᠤᠨ ᠡᠬᠡ ᠮᠤᠨᠢᠯᠢᠶᠧ ᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠪᠠ᠃ ᠡᠨᠡ ᠬᠦ ᠬᠦᠨᠳᠦ ᠶᠢᠨ ᠵᠢᠩ ᠲᠠᠢ ᠭᠠᠪᠢᠶᠠᠨ ᠲᠡᠮᠳᠡᠭ ᠨᠢ ᠳᠤᠮᠳᠠᠳᠤ ᠤᠯᠤᠰ ᠤᠨ ᠠᠷᠠᠳ ᠲᠦᠮᠡᠨ ᠤ ᠺᠠᠮᠪᠤᠵᠠ ᠶᠢᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠲᠥᠯᠥᠭᠡᠯᠡᠵᠦ ᠪᠠᠶᠢᠨ᠎ᠠ᠃ ᠡᠷᠡᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ ᠲᠤᠬᠠᠢ ᠶᠢᠨ ᠦᠶ᠎ᠡ ᠳᠤ ᠲᠡᠷᠢᠭᠦᠨ ᠰᠠᠶᠢᠳ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠩᠰᠧᠨ ᠰᠠᠯᠬᠢ ᠰᠢᠭᠤᠷᠭᠠᠨ ᠢ ᠰᠥᠷᠦᠨ ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠣᠯᠠᠨ ᠡᠮᠴᠢᠯᠡᠭᠡᠨ ᠤ ᠠᠩᠭᠢ ᠲᠣᠮᠢᠯᠠᠨ ᠺᠠᠮᠪᠤᠵᠠ ᠶᠢ ᠲᠤᠰᠠᠯᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠶᠡᠭᠡ ᠬᠡᠮᠵᠢᠶᠡᠨ ᠤ ᠡᠮᠴᠢᠯᠡᠭᠡᠨ ᠤ ᠡᠳ᠋ ᠪᠣᠳᠠᠰ ᠬᠠᠩᠭᠠᠪᠠ᠃ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠡᠮᠦᠨ᠎ᠡ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠤ᠂ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠢ ᠪᠠᠶᠢᠭᠤᠯᠪᠠ᠃      ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠺᠠᠮᠪᠤᠵᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠤᠯᠤᠰ ᠪᠠ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ ᠢᠷᠡᠯᠲᠡ ᠶᠢᠨ ᠤᠯᠤᠰ ᠪᠠᠶᠢᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠳᠤᠮᠳᠠᠳᠤ ᠺᠠᠮᠪᠤᠵᠠ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠠᠵᠠ ᠳᠤᠭᠢᠶᠠᠯ ᠢ ᠠᠮᠵᠢᠭᠤᠯᠤᠨ ᠪᠠᠨᠠᠨᠠ᠂ ᠠᠪᠠᠷᠠᠶ᠂ ᠯᠣᠣ ᠶᠢᠨ ᠨᠢᠳᠦᠨ ᠬᠤᠰᠢᠭᠤᠲᠤ ᠲᠠᠷᠴᠠ ᠵᠡᠷᠭᠡ ᠺᠠᠮᠪᠤᠵᠠ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ ᠳᠤᠮᠳᠠᠳᠤ ᠺᠠᠮᠪᠤᠵᠠ ᠶᠢᠨ ᠬᠠᠮᠲᠤᠷᠠᠨ ᠨᠡᠭᠡᠭᠡᠨ ᠬᠥᠭᠵᠢᠭᠦᠯᠦᠭᠰᠡᠨ ᠰᠢᠬᠠᠨᠦ᠋ᠺᠧ ᠭᠠᠷᠠᠮ ᠤᠨ ᠠᠵᠤ ᠠᠬᠤᠢ ᠶᠢᠨ ᠣᠨᠴᠠᠭᠠᠢ ᠣᠷᠣᠨ ᠤᠯᠠᠨ ᠤᠯᠤᠰ ᠤᠨ 200 ᠭᠠᠷᠤᠢ ᠠᠵᠤ ᠠᠬᠤᠶᠢᠯᠠᠯ ᠢ ᠲᠡᠳᠡᠨ ᠠᠪᠴᠢᠷᠠᠵᠤ ᠨᠤᠲᠤᠭᠰᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢ ᠶᠢᠨ ᠣᠳᠣᠬᠢᠴᠢᠯᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠺᠠᠮᠪᠤᠵᠠ ᠶᠢᠨ ᠠᠩᠬᠠᠳᠠᠭᠴᠢ ᠵᠤᠷᠪᠤᠰ ᠲᠦᠷᠭᠡᠨ ᠤ ᠵᠠᠰᠠᠮᠠᠯ ᠵᠠᠮ᠂ ᠠᠩᠬᠠᠳᠠᠭᠴᠢ ᠠᠭᠤᠯᠠᠨ ᠨᠢᠷᠤᠭᠤ ᠰᠤᠨᠳᠠᠯᠠᠭᠰᠠᠨ ᠬᠥᠭᠦᠷᠭᠡ᠂ ᠨᠢᠭᠡᠳᠦᠭᠡᠷ ᠲᠣᠮᠣ ᠴᠠᠭᠢᠯᠭᠠᠨ ᠦᠷᠳᠡᠭᠡ᠂ ᠬᠠᠮᠤᠭ ᠤᠨ ᠲᠣᠮᠣ ᠪᠡᠶ᠎ᠡ ᠶᠢᠨ ᠲᠠᠮᠢᠷ ᠤᠨ ᠣᠷᠳᠣᠨ ᠵᠡᠷᠭᠡ ᠳᠤᠮᠳᠠᠳᠤ ᠤᠯᠤᠰ ᠤᠨ ᠲᠡᠮᠵᠢᠨ ᠪᠠᠶᠢᠭᠤᠯᠤᠭᠰᠠᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠨᠢ ᠺᠠᠮᠪᠤᠵᠠ ᠶᠢᠨ ᠠᠷᠠᠳ ᠤᠯᠠᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠺᠠᠮᠪᠤᠵᠠ ᠶᠢᠨ ᠠᠯᠤᠰ ᠭᠡᠳᠤ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠲᠤᠰᠬᠠᠢ ᠮᠡᠷᠭᠡᠵᠢᠯᠲᠡᠨ ᠪᠠᠰᠠ ᠺᠠᠮᠪᠤᠵᠠ ᠶᠢᠨ ᠡᠯ᠎ᠡ ᠮᠤᠵᠢ ᠬᠤᠳᠠ ᠪᠠᠷ ᠬᠦᠷᠴᠦ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠪᠠ᠃ ᠳᠤᠮᠳᠠᠳᠤ ᠺᠠᠮᠪᠤᠵᠠ ᠶᠢᠨ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠨᠢ ᠺᠠᠮᠪᠤᠵᠠ ᠶᠢᠨ ᠬᠥᠭᠵᠢᠯᠲᠡ ᠶᠢ ᠠᠬᠢᠭᠤᠯᠪᠠ᠃      ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠭᠦᠨ ᠵᠤᠵᠠᠭᠠᠨ ᠣᠣᠷ ᠲᠤᠨᠳᠠᠰᠤ ᠮᠥᠨ᠃ ᠳᠤᠮᠳᠠᠳᠤ ᠤᠯᠤᠰ ᠶᠡᠭᠡ ᠬᠡᠮᠵᠢᠶᠡᠨ ᠤ ᠬᠠᠭᠤᠴᠢ ᠰᠤᠳᠤᠯᠤᠯ ᠤᠨ ᠰᠤᠳᠤᠯᠭᠠᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠣᠶᠣᠯ ᠲᠡᠦᠬᠡ᠂ ᠪᠠᠷᠢᠯᠭ᠎ᠠ ᠶᠢᠨ ᠤᠷᠠᠯᠢᠭ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠲᠣᠮᠢᠯᠠᠨ ᠺᠠᠮᠪᠤᠵᠠ ᠳᠤ 30 ᠰᠢᠬᠠᠮ ᠵᠢᠯ ᠰᠠᠭᠤᠯᠭᠠᠵᠤ᠂ ᠤᠷᠢᠳ ᠬᠤᠵᠢᠳ ᠵᠧᠦ ᠰᠠ ᠰᠠᠬᠢᠭᠤᠯᠰᠤᠨ ᠤ ᠰᠦᠮ᠎ᠡ᠂ ᠴᠠ ᠵᠢᠶᠣᠣ ᠰᠧ ᠰᠦᠮ᠎ᠡ᠂ ᠠᠩᠺᠤᠷ ᠸᠠᠩ ᠤᠨ ᠣᠷᠳᠣᠨ ᠤ ᠪᠠᠭᠤᠷᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠠᠩᠺᠤᠷ ᠤᠨ ᠡᠷᠲᠡᠨ ᠤ ᠦᠯᠡᠳᠡᠭᠳᠡᠯ ᠭᠡᠬᠦ ᠡᠨᠡ ᠬᠦ ᠬᠥᠮᠥᠨ ᠲᠥᠷᠥᠯᠬᠢᠲᠡᠨ ᠤ ᠪᠣᠯᠪᠠᠰᠤᠨ ᠤ ᠦᠨᠡᠲᠦ ᠡᠷᠳᠡᠨᠢ ᠶᠢᠨ ᠤᠤᠯ ᠤᠨ ᠴᠤᠭ ᠭᠢᠯᠪᠠᠭ᠎ᠠ ᠶᠢ ᠰᠡᠷᠭᠦᠭᠡᠭᠰᠡᠨ ᠪᠠᠶᠢᠨ᠎ᠠ᠃ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠠᠳ ᠺᠠᠮᠪᠤᠵᠠ ᠳᠤ ᠬᠦᠷᠴᠦ᠂ ᠭᠦᠨ ᠵᠤᠵᠠᠭᠠᠨ ᠲᠡᠦᠬᠡ ᠰᠣᠶᠣᠯ ᠢ ᠣᠶᠢᠯᠠᠭᠠᠳᠠᠭ ᠪᠣᠯᠪᠠ᠃ ᠺᠠᠮᠪᠤᠵᠠ ᠶᠢᠨ ᠨᠡᠩ ᠤᠯᠠᠨ ᠨᠠᠶᠢᠵᠠ ᠨᠠᠷ ᠬᠢᠲᠠᠳ ᠭᠡᠯᠡ ᠰᠤᠷᠴᠤ᠂ ᠡᠷᠲᠡᠨ ᠤ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠶᠢᠬᠠᠮᠰᠢᠭ ᠢ ᠣᠶᠢᠯᠠᠭᠠᠬᠤ ᠪᠣᠯᠪᠠ᠃ ᠡᠳᠡᠭᠡᠷ ᠵᠢᠯ ᠤᠳ ᠲᠤ ᠳᠤᠮᠳᠠᠳᠤ ᠤᠯᠤᠰ ᠺᠠᠮᠪᠤᠵᠠ ᠳᠤ ︽ᠨᠥᠬᠦᠷᠯᠡᠯ ᠤᠨ ᠵᠠᠮ︾ ᠢ ᠳᠡᠪᠢᠰᠴᠦ᠂ ︽ᠵᠣᠯ ᠵᠢᠷᠭᠠᠯ ᠤᠨ ᠪᠤᠯᠠᠭ︾ ᠢ ᠮᠠᠯᠲᠠᠵᠤ ᠥᠭᠭᠦᠨ᠂ ᠳᠤᠮᠳᠠᠳᠤ ᠺᠠᠮᠪᠤᠵᠠ ᠶᠢᠨ ᠨᠥᠭᠦᠷᠰᠡᠭ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠭᠦ ᠲᠣᠰᠬᠤᠨ ᠢ ᠪᠠᠶᠢᠭᠤᠯᠪᠠ᠃ ᠺᠠᠮᠪᠤᠵᠠ ᠳᠤ ᠲᠣᠮᠢᠯᠠᠭᠰᠠᠨ ᠬᠢᠲᠠᠳ ᠡᠮᠨᠡᠯᠭᠡ ᠶᠢᠨ ᠡᠮᠴᠢᠯᠡᠭᠡᠨ ᠤ ᠠᠩᠭᠢ ᠶᠢᠨ ᠬᠢᠨ ᠰᠣᠨᠣᠷ ᠤᠨ ᠰᠠᠭᠠᠳ ᠲᠠᠢ ᠬᠡᠦᠬᠡᠨ ᠢ ᠠᠩᠬ᠎ᠠ ᠭᠡᠯᠡ ᠳᠤ ᠣᠷᠣᠭᠤᠯᠤᠨ ︽ᠡᠵᠢ︾ ᠬᠡᠮᠡᠨ ᠳᠠᠭᠤᠳᠠᠭᠤᠯᠵᠤ᠂ ᠣᠷᠳᠣ ᠬᠤᠭᠤᠴᠠᠭ᠎ᠠ ᠪᠠᠷ ᠬᠦᠷᠳᠦᠲᠦ ᠰᠠᠨᠳᠠᠯᠢ ᠳᠤ ᠲᠦᠰᠢᠭᠯᠡᠨ ᠶᠠᠪᠤᠵᠤ ᠰᠠᠭᠤᠵᠤ ᠪᠠᠶᠢᠭᠰᠠᠨ ᠡᠪᠡᠳᠴᠢᠲᠡᠨ ᠢ ᠪᠣᠰᠴᠤ ᠵᠣᠭᠰᠣᠭᠠᠵᠠᠢ᠃      ᠣᠶᠢᠷ᠎ᠠ ᠶᠢᠨ ᠬᠠᠭᠠᠰ ᠵᠠᠭᠤᠨ ᠤ ᠲᠤᠷᠰᠢ ᠠᠽᠢᠶ᠎ᠠ ᠲᠢᠪ ᠶᠡᠷᠦᠩᠬᠡᠢ ᠳᠡᠭᠡᠨ ᠡᠩᠬᠡ ᠲᠠᠶᠢᠪᠤᠩ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠨᠢ ᠲᠦᠷᠭᠡᠨ ᠨᠡᠮᠡᠭᠳᠡᠵᠦ᠂ ᠳᠡᠯᠡᠬᠡᠢ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠪᠡ᠃ ᠣᠳᠣᠬᠠᠨ ᠤ ᠳᠡᠯᠡᠬᠡᠢ ᠶᠢᠷᠲᠢᠨᠴᠦ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠶᠠᠭ ᠪᠦᠬᠦᠯᠢ ᠴᠣᠭᠴᠠ ᠶᠢᠨ ᠬᠥᠭᠵᠢᠯ ᠮᠠᠨᠳᠤᠯ ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠶᠢᠨ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠬᠥᠷᠰᠢ ᠵᠡᠷᠭᠡᠯᠡᠳᠡᠭᠡ ᠤᠯᠤᠰ  ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠮᠵᠢ ᠶᠢ ᠬᠥᠷᠰᠢ ᠵᠡᠷᠭᠡᠯᠡᠳᠡᠭᠡ ᠤᠯᠤᠰ ᠲᠤ ᠨᠡᠩ ᠤᠯᠠᠨ ᠬᠦᠷᠲᠡᠭᠡᠵᠦ᠂ ᠭᠠᠵᠠᠷ ᠣᠷᠣᠨ ᠤ ᠡᠩᠬᠡ ᠲᠠᠶᠢᠪᠤᠩ ᠪᠠ ᠲᠣᠭᠲᠠᠭᠤᠨ ᠢ ᠬᠠᠮᠲᠤ ᠪᠠᠷ ᠬᠠᠮᠠᠭᠠᠯᠠᠨ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ ᠠᠬᠢᠭᠤᠯᠤᠨ᠎ᠠ᠃      ᠠᠽᠢᠶ᠎ᠠ ᠲᠢᠪ ᠤᠨ ᠲᠣᠮᠣ ᠭᠡᠷ ᠪᠦᠯᠢ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ ᠺᠠᠮᠪᠤᠵᠠ ᠬᠤᠶᠠᠷ ᠤᠯᠤᠰ ᠲᠡᠦᠬᠡ ᠶᠢᠨ ᠤᠷᠤᠰᠬᠠᠯ ᠳᠤ ᠵᠣᠬᠢᠴᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠳᠡᠮᠵᠢᠯᠴᠡᠵᠦ ᠠᠮᠵᠢᠯᠲᠠ ᠪᠦᠳᠦᠮᠵᠢ ᠡᠭᠦᠳᠴᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠤᠰᠢᠭᠤᠴᠢ ᠪᠠ ᠵᠢᠱᠢᠶ᠎ᠡ ᠦᠵᠡᠭᠦᠯᠦᠭᠴᠢ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃      — ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠶᠢ ᠪᠠᠷᠢᠮᠲᠠᠯᠠᠶ᠎ᠠ᠃ ᠳᠤᠮᠳᠠᠳᠤ ᠤᠯᠤᠰ ᠺᠠᠮᠪᠤᠵᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ ᠮᠡᠳᠡᠨ ᠰᠣᠩᠭᠤᠬᠤ᠂ ᠤᠯᠤᠰ ᠤᠨ ᠢᠶᠠᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ᠂ ᠤᠯᠠᠨ ᠤᠯᠤᠰ ᠤᠨ ᠲᠠᠪᠴᠠᠩ ᠳᠤ ᠨᠡᠩ ᠶᠡᠭᠡ ᠦᠢᠯᠡᠳᠦᠯ ᠦᠵᠡᠭᠦᠯᠭᠦ ᠶᠢ ᠡᠷᠡᠰ ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠶᠢᠨ ᠬᠦᠴᠦᠨ ᠤ ᠳᠣᠲᠣᠭᠠᠳᠤ ᠶᠠᠪᠤᠳᠠᠯ ᠳᠤ ᠭᠠᠷ ᠲᠦᠷᠦᠭᠦ᠂ ᠬᠤᠳᠬᠤᠨ ᠵᠠᠪᠰᠠᠷᠳᠠᠭᠤᠯᠬᠤ᠂ ᠳᠤᠮᠳᠠᠳᠤ ᠺᠠᠮᠪᠤᠵᠠ ᠶᠢᠨ ᠨᠥᠬᠦᠷᠯᠡᠯ ᠢ ᠡᠪᠳᠡᠬᠦ ᠶᠢ ᠡᠷᠡᠰ ᠡᠰᠡᠷᠭᠦᠴᠡᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃      — ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠬᠥᠭᠵᠢᠯᠲᠡ ᠶᠢ ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠺᠠᠮᠪᠤᠵᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠺᠠᠮᠪᠤᠵᠠ ᠶᠢᠨ ︽ᠲᠠᠪᠤᠨ ᠥᠨᠴᠥᠭᠲᠦ ᠪᠠᠶᠢᠯᠳᠤᠬᠤ ᠪᠣᠳᠣᠯᠭ᠎ᠠ︾ ᠲᠠᠢ ᠵᠣᠯᠭᠠᠭᠤᠯᠬᠤ ᠶᠢ ᠠᠬᠢᠭᠤᠯᠵᠤ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠲᠤ ᠪᠠᠷ ᠬᠠᠮᠠᠭᠠᠯᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠶᠢ ᠨᠡᠩ ᠭᠡᠷᠡᠯ ᠰᠠᠴᠤᠷᠠᠩᠭᠤᠢ ᠪᠠᠲᠤ ᠪᠠᠬᠢ ᠪᠤᠯᠭᠠᠵᠤ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃      — ᠨᠡᠩ ᠥᠨᠳᠥᠷ ᠲᠡᠰ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠲᠤ ᠪᠠᠶᠢᠭᠤᠯᠤᠶ᠎ᠠ᠃ ᠭᠠᠷ ᠲᠦᠷᠦᠭᠦ ᠶᠢ ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ︽ᠥᠩᠭᠡ ᠶᠢᠨ ᠬᠤᠪᠢᠰᠬᠠᠯ︾ ᠢ ᠰᠡᠷᠭᠡᠶᠢᠯᠡᠨ ᠬᠤᠷᠢᠭᠯᠠᠬᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ᠂ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠬᠤ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠬᠤᠶᠠᠷ ᠤᠯᠤᠰ ᠤᠨ ᠬᠥᠭᠵᠢᠯᠲᠡ ᠳᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠤᠯᠭᠠᠵᠤ ᠥᠭᠭᠦᠶ᠎ᠡ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠠᠬᠢᠭᠤᠯᠤᠶ᠎ᠠ᠃      — ᠨᠡᠩ ᠥᠨᠳᠥᠷ ᠳᠠᠪᠲᠠᠮᠵᠢ ᠪᠦᠬᠦᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠨᠠᠶᠢᠷᠲᠠᠢ ᠬᠠᠮᠲᠤ ᠪᠠᠷ ᠣᠷᠣᠰᠢᠬᠤ ᠶᠢ ᠪᠠᠷᠢᠮᠲᠠᠯᠠᠵᠤ᠂ ᠪᠣᠯᠪᠠᠰᠤᠨ ᠤ ᠨᠡᠪᠲᠡᠷᠡᠯᠴᠡᠭᠡ ᠶᠠᠷᠢᠯᠴᠠᠭ᠎ᠠ ᠶᠢ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠶᠠᠩᠵᠤ ᠭᠡᠯᠪᠡᠷᠢ ᠶᠢᠨ ᠰᠣᠶᠣᠯ ᠵᠢᠭᠤᠯᠴᠢᠯᠠᠯ᠂ ᠥᠪ ᠬᠥᠷᠥᠩᠭᠡ ᠶᠢ ᠬᠠᠮᠠᠭᠠᠯᠠᠨ ᠰᠡᠷᠭᠦᠭᠡᠬᠦ᠂ ᠵᠠᠯᠠᠭᠤᠴᠤᠳ ᠤᠨ ᠶᠠᠪᠤᠯᠴᠠᠭ᠎ᠠ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠠᠽᠢᠶ᠎ᠠ ᠲᠢᠪ ᠤᠨ ᠦᠷᠳᠡᠭ ᠤᠨ ᠦᠵᠡᠯᠲᠡ ᠪᠠ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠬᠠᠮᠲᠤ ᠪᠠᠷ ᠪᠠᠳᠠᠷᠠᠭᠤᠯᠤᠶ᠎ᠠ᠃      — ᠨᠡᠩ ᠥᠨᠳᠥᠷ ᠪᠠᠷᠢᠮᠵᠢᠶᠠᠲᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠶ᠎ᠠ᠃ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠠᠴᠠ ᠤᠶᠤᠨ ᠤᠬᠠᠭᠠᠨ ᠬᠦᠷᠲᠡᠵᠦ᠂ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠬᠠᠨᠳᠤᠭᠤᠯᠤᠭᠰᠠᠨ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠵᠤ᠂ ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠯ ᠬᠥᠭᠵᠢᠯ ᠦᠵᠡᠰᠬᠦᠯᠡᠩᠲᠦ ᠰᠠᠶᠢᠬᠠᠨ᠂ ᠨᠥᠭᠦᠷᠰᠡᠭ ᠢᠶᠠᠷ ᠬᠠᠮᠲᠤ ᠣᠷᠣᠰᠢᠬᠤ ᠠᠽᠢᠶ᠎ᠠ ᠲᠢᠪ ᠤᠨ ᠭᠡᠷ ᠣᠷᠣᠨ ᠢ ᠭᠠᠷ ᠬᠤᠯᠪᠣᠨ ᠪᠦᠲᠦᠭᠡᠨ ᠪᠠᠶᠢᠭᠤᠯᠤᠶ᠎ᠠ᠃ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ᠂ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ ᠬᠤᠶᠠᠷ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠬᠦᠴᠦᠯᠡᠵᠦ᠂ ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃      ︽ᠬᠠᠭᠤᠴᠢᠨ ᠨᠥᠬᠦᠷᠯᠡᠯ ᠰᠢᠵᠢᠷ ᠠᠯᠳᠠ ᠮᠡᠲᠦ᠂ ᠵᠠᠭᠤᠨᠲᠠ ᠬᠠᠶᠢᠯᠤᠭᠤᠯᠤᠭᠰᠠᠨ ᠴᠦ ᠥᠩᠭᠡ ᠨᠢ ᠬᠤᠪᠢᠷᠠᠬᠤ ᠦᠭᠡᠢ︾᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠣᠨ ᠰᠠᠷ᠎ᠠ ᠶᠢᠨ ᠳᠠᠪᠲᠠᠯᠲᠠ ᠪᠣᠯᠣᠨ ᠰᠠᠯᠬᠢ ᠪᠣᠷᠣᠭᠠᠨ ᠤ ᠰᠢᠯᠭᠠᠯᠲᠠ ᠶᠢ ᠥᠩᠭᠡᠷᠡᠭᠡᠭᠰᠡᠨ ᠳᠤᠮᠳᠠᠳᠤ ᠺᠠᠮᠪᠤᠵᠠ ᠶᠢᠨ ᠪᠣᠯᠣᠳ ᠮᠡᠲᠦ ᠪᠠᠲᠤ ᠨᠥᠬᠦᠷᠯᠡᠯ ᠯᠠᠪᠲᠠᠢ ᠤᠭ ᠰᠠᠨᠠᠭ᠎ᠠ ᠪᠠᠲᠤ ᠪᠠᠬᠢ᠂ ᠴᠢᠨᠠᠷ ᠡᠭᠦᠷᠢᠳᠡ ᠬᠤᠪᠢᠷᠠᠬᠤ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠲᠠᠢ ᠬᠠᠮᠲᠤ ᠪᠠᠷ ᠡᠩᠬᠡ ᠲᠠᠶᠢᠪᠤᠩ ᠢ ᠬᠠᠮᠲᠤ ᠪᠠᠷ ᠰᠠᠬᠢᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠥᠭᠵᠢᠯ ᠴᠡᠴᠡᠭᠯᠡᠯ ᠢ ᠬᠠᠮᠲᠤ ᠪᠠᠷ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠤᠷᠪᠠᠭᠠᠨ ᠬᠥᠷᠪᠡᠭᠡᠨ ᠲᠠᠢ ᠬᠤᠪᠢᠰᠤᠨ ᠰᠣᠯᠪᠢᠴᠠᠭᠰᠠᠨ ᠳᠡᠯᠡᠬᠡᠢ ᠶᠢᠷᠲᠢᠨᠴᠦ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠤᠬᠲᠠᠭᠠᠯᠲᠦ ᠴᠢᠨᠠᠷ ᠢ ᠨᠡᠮᠡᠷᠢᠯᠡᠨ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ