ᠰᠢᠨ᠎ᠡ ᠪᠠᠷᠭᠤ ᠪᠠᠷᠠᠭᠤᠨ ᠬᠤᠰᠢᠭᠤ 2025 ᠤᠨ ᠤ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠳᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2025/4/18
      ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠳᠣᠲᠣᠷᠠᠬᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠰᠢᠭᠤᠨ ᠤ 2025 ᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ ᠪᠥᠬᠦ ᠬᠤᠰᠢᠭᠤᠨ ᠤ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ ᠨᠡᠶᠢᠲᠡ 30 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
4.18疾控1.png
      ᠪᠣᠯᠪᠠᠰᠤᠷᠠᠯ ᠳᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠯ᠎ᠡ ᠲᠠᠰᠤᠭ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠠᠶᠢᠽ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ᠂ ᠤᠰᠤᠨ ᠴᠡᠴᠡᠭ ᠡᠪᠡᠳᠴᠢᠨ ᠤ ᠬᠤᠤᠷ ᠬᠥᠨᠥᠭᠡᠯ ᠬᠢᠭᠡᠳ ᠸᠠᠺᠼᠢᠨ ᠤ ᠲᠠᠷᠢᠯᠭ᠎ᠠ᠂ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ᠂ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠳᠤ ᠴᠢᠭᠯᠡᠭᠦᠯᠦᠨ ᠪᠣᠯᠪᠠᠰᠤᠷᠠᠯ ᠬᠦᠷᠲᠡᠭᠡᠪᠡ᠃
4.18疾控2.png
      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠨ ᠤ ᠦᠨᠳᠦᠰᠦᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠯᠭᠠᠮ᠎ᠠ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠤᠨ ᠰᠠᠶᠢᠵᠢᠷᠠᠯᠲᠠ ᠲᠠᠢ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ