ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠬᠠᠤᠯᠢ ᠶᠢᠨ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/18
      ᠰᠢᠨ᠎ᠡ ᠲᠤᠭ᠎ᠠ ᠪᠦᠷᠢᠳᠬᠡᠯ ᠤᠨ ᠬᠠᠤᠯᠢ ᠶᠢᠨ ᠬᠠᠮᠤᠭ ᠤᠨ ᠰᠢᠨ᠎ᠡ ᠲᠣᠭᠲᠠᠭᠠᠯ ᠪᠠ ᠭᠤᠤᠯᠳᠠᠯᠭ᠎ᠠ ᠲᠠᠢ ᠠᠭᠤᠯᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠺᠠᠳ᠋ᠷ ᠠᠵᠢᠯᠲᠠᠳ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠬᠢᠬᠦ ᠂ ᠬᠠᠤᠯᠢ ᠶᠣᠰᠣᠭᠠᠷ ᠨᠢᠭᠡᠳᠦᠯᠲᠡᠶ ᠬᠠᠮᠢᠶᠠᠷᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 17 ᠤ ᠡᠳᠦᠷ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠥᠬᠦ ᠺᠠᠳ᠋ᠷᠴᠤᠳ ᠢ ᠵᠣᠬᠢᠶᠠᠨ ᠪᠠᠶᠢᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠲᠥᠪᠯᠡᠷᠡᠭᠦᠯᠦᠨ ᠰᠤᠷᠤᠯᠴᠠᠪᠠ᠃
4.18农科局.png
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠣᠯ ᠮᠠᠨ ᠤ ᠤᠯᠤᠰ ᠤᠨ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠬᠤ ᠦᠨᠳᠦᠰᠦᠨ ᠶᠡᠭᠡ ᠬᠠᠤᠯᠢ ᠪᠠᠶᠢᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠲᠠᠨ ᠤ ᠡᠷᠬᠡ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠪᠠ᠃      ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠪᠠᠷ ᠳᠠᠮᠵᠢᠭᠤᠯᠤᠨ᠂ ᠲᠣᠪᠴᠢᠶ᠎ᠠ ᠶᠢᠨ ᠪᠥᠬᠦ ᠺᠠᠳ᠋ᠷᠴᠤᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠭᠤᠤᠯ ᠵᠣᠷᠢᠯᠲᠠ ᠴᠢᠬᠤᠯᠠ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠤᠯᠠᠮ ᠨᠢᠭᠡ ᠠᠯᠬᠤᠮ ᠣᠶᠢᠯᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠮᠢᠨ ᠰᠤᠳᠠᠰᠤ ᠶᠢ ᠬᠠᠮᠠᠭᠠᠯᠠᠬᠤ ᠴᠢᠬᠤᠯᠠ ᠦᠢᠯᠡᠳᠦᠯ ᠵᠢᠴᠢ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢᠨ ᠬᠦᠨᠳᠦ ᠨᠣᠴᠢᠲᠠᠶ ᠬᠤᠤᠷ ᠬᠥᠨᠥᠭᠡᠯ ᠢ ᠭᠦᠨᠵᠡᠭᠡᠶ ᠣᠶᠢᠯᠠᠭᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠳᠤ ᠰᠠᠶᠢᠨ ᠰᠠᠶᠢᠬᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ