ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠮᠠᠯ ᠨᠢᠲᠤᠯᠬᠤ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/4/18
      ᠮᠠᠨ ᠤ ᠬᠤᠰᠢᠭᠤᠨ ᠤ ᠮᠠᠯ ᠨᠢᠳᠤᠯᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠪᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 17 ᠤ ᠡᠳᠦᠷ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠮᠢᠶ᠎ᠠ ᠪᠥᠬᠦᠶ ᠠᠵᠢᠯᠲᠠᠳ ᠬᠠᠷᠢᠶ᠎ᠠ ᠣᠷᠣᠨ ᠤ ᠪᠠᠨ ᠮᠠᠯ ᠨᠢᠲᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠬᠤ ᠠᠵᠢᠯ ᠥᠷᠨᠢᠭᠦᠯᠪᠡ᠃
4.18动检所.png
      ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠠᠵᠤ ᠠᠬᠤᠶᠢᠯᠠᠯ ᠤᠨ ᠨᠢᠲᠤᠯᠬᠤ ᠲᠠᠰᠤᠭ᠂ ᠬᠦᠯᠳᠡᠭᠦᠦ ᠬᠥᠮᠥᠷᠭᠡ᠂ ᠲᠤᠷᠰᠢᠯᠲᠠ ᠶᠢᠨ ᠲᠠᠰᠤᠭ ᠵᠡᠷᠭᠡ ᠵᠠᠩᠭᠢᠯᠠᠭ᠎ᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠵᠢᠴᠢ ᠬᠠᠮᠠᠭᠠᠯᠠᠯᠲᠠ ᠶᠢᠨ ᠲᠡᠮᠳᠡᠭᠯᠡᠯ ᠢ ᠪᠠᠶᠢᠴᠠᠭᠠᠨ ᠦᠵᠡᠵᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠵᠡᠷᠭᠡ ᠦᠢᠯᠡᠳᠪᠦᠷᠢᠯᠡᠯ ᠤᠨ ᠠᠮᠤᠷ ᠲᠦᠪᠰᠢᠨ ᠳᠤ ᠬᠤᠯᠪᠣᠭᠳᠠᠭᠰᠠᠨ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠠᠵᠢᠯᠲᠠᠨ ᠤ ᠠᠵᠢᠯ ᠤᠨ ᠪᠠᠶᠢᠷᠢ ᠳᠤ ᠪᠠᠶᠢᠬᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠵᠢᠴᠢ ᠠᠵᠤ ᠠᠬᠤᠶᠢᠯᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠪᠠ ᠰᠣᠷᠢᠯᠲᠠ ᠶᠢ ᠥᠷᠨᠢᠭᠦᠯᠦᠭᠰᠡᠨ ᠡᠰᠡᠬᠦ ᠶᠢ ᠣᠶᠢᠯᠠᠭᠠᠪᠠ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ᠂ ᠬᠤᠤᠷ ᠦᠭᠡᠶᠢᠵᠢᠭᠦᠯᠦᠨ ᠰᠢᠢᠳᠪᠦᠷᠢᠯᠡᠬᠦ ᠭᠤᠷᠪᠠᠨ ᠠᠯᠬᠤᠮ ᠳᠠᠷᠠᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠯᠪᠠᠨ ᠤ ᠮᠠᠯ ᠤᠨ ᠡᠮᠴᠢ ᠶᠢᠨ ᠰᠢᠢᠳᠪᠦᠷᠢᠯᠡᠬᠦ ᠶᠠᠪᠤᠴᠠ ᠳᠠᠬᠢ ᠲᠤᠬᠠᠶ ᠶᠢᠨ ᠭᠠᠵᠠᠷ ᠲᠤ ᠬᠢᠨᠠᠯᠲᠠ ᠲᠠᠯᠪᠢᠭᠰᠠᠨ ᠪᠠᠶᠢᠳᠠᠯ ᠢ ᠴᠢᠩᠭ᠎ᠠ ᠬᠢᠨᠠᠨ ᠪᠠᠶᠢᠴᠠᠭᠠᠵᠤ᠂ ᠬᠤᠤᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠢ ᠦᠨᠡᠨᠬᠦ ᠪᠠᠲᠤᠯᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠨᠢ ᠮᠠᠯ ᠨᠢᠲᠤᠯᠬᠤ ᠠᠵᠤ ᠠᠬᠤᠶᠢᠯᠠᠯ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ︽ᠡᠷᠬᠢᠨ ᠬᠠᠷᠠᠬᠤ︾ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠪᠠ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠶᠢ ᠱᠠᠯᠠᠪᠳᠠᠵᠤ᠂ ᠪᠥᠬᠦ ᠬᠤᠰᠢᠭᠤᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ