ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠳᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠳᠡᠯᠭᠡᠨ ᠪᠣᠷᠣᠯᠠᠭᠤᠯᠬᠤ ᠴᠤᠭᠯᠠᠭᠠᠨ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2025/4/18
      ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠬᠠᠷᠢᠶ᠎ᠠ ᠣᠷᠣᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠢᠳᠡᠭᠡᠨ ᠤ ᠠᠮᠤᠷ ᠲᠦᠪᠰᠢᠨ ᠪᠠ ᠠᠷᠠᠰᠤ ᠬᠠᠮᠠᠭᠠᠯᠠᠬᠤ ᠡᠳ᠋ ᠤᠨ ᠠᠮᠤᠷ ᠲᠦᠪᠰᠢᠨ ᠳᠤ ᠴᠢᠭᠯᠡᠭᠦᠯᠦᠨ ᠪᠥᠬᠦ ᠲᠠᠯ᠎ᠠ ᠶᠢᠨ ᠨᠠᠷᠢᠨ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠳᠤ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
4.18公安局1.jpg
      ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠲᠠᠯ᠎ᠠ ᠪᠠᠷ᠂ ᠠᠷᠠᠳ ᠤᠨ ᠴᠠᠭᠳᠠᠭ᠎ᠠ ᠳᠡᠯᠭᠡᠨ ᠪᠣᠷᠣᠯᠠᠭᠤᠯᠬᠤ ᠲᠤᠬᠠᠶ ᠶᠢᠨ ᠲᠠᠯᠠᠪᠤᠷ ᠤᠨ ᠢᠳᠡᠭᠡᠨ ᠤ ᠡᠵᠡᠩᠨᠡᠯᠲᠡ ᠶᠢᠨ ᠳᠡᠯᠭᠡᠭᠦᠷ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ ᠢᠳᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠢ ᠨᠠᠷᠢᠨ ᠪᠠᠶᠢᠴᠠᠭᠠᠨ ᠦᠵᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠢᠳᠡᠭᠡᠨ ᠤ ᠪᠠᠷᠠᠭ᠎ᠠ ᠣᠷᠣᠭᠤᠯᠬᠤ ᠠᠷᠭ᠎ᠠ ᠵᠠᠮ ᠳᠤ ᠴᠢᠭᠯᠡᠭᠦᠯᠦᠨ᠂ ᠬᠤᠳᠠᠯᠳᠤᠭᠠᠴᠢᠨ ᠡᠷᠦᠬᠡ ᠶᠢᠨ ᠪᠠᠷᠠᠭ᠎ᠠ ᠣᠷᠣᠭᠤᠯᠬᠤ ᠭᠡᠷᠡᠴᠢ ᠪᠠᠷᠢᠮᠲᠠ᠂ ᠪᠠᠷᠠᠭ᠎ᠠ ᠬᠠᠩᠭᠠᠭᠰᠠᠨ ᠲᠠᠯ᠎ᠠ ᠶᠢᠨ ᠬᠢᠷᠢ ᠬᠡᠮ ᠤᠨ ᠭᠡᠷᠡᠴᠢ ᠵᠡᠷᠭᠡ ᠪᠢᠴᠢᠭ ᠮᠠᠲ᠋ᠧᠷᠢᠶᠠᠯ ᠬᠠᠩᠭᠠᠵᠤ᠂ ᠪᠦᠯᠦᠭ ᠤᠳᠠᠭ᠎ᠠ ᠪᠦᠷᠢ ᠶᠢᠨ ᠢᠳᠡᠭᠡᠨ ᠤ ᠢᠷᠡᠯᠲᠡ ᠶᠢ ᠨᠠᠷᠢᠨ ᠬᠠᠷᠭᠤᠭᠤᠯᠵᠤ᠂ ᠢᠳᠡᠭᠡᠨ ᠤ ᠢᠷᠡᠯᠲᠡ ᠶᠢ ᠮᠥᠷᠳᠡᠵᠦ ᠪᠣᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠢᠳᠡᠭᠡᠨ ᠤ ᠵᠦᠢᠯ ᠤᠨ ᠬᠠᠳᠠᠭᠠᠯᠠᠯᠲᠠ ᠶᠢᠨ ᠭᠤᠭᠴᠤᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠵᠦᠢᠯ ᠢ ᠳᠡᠯᠭᠡᠵᠦ ᠲᠠᠯᠪᠢᠬᠤ᠂ ᠬᠠᠳᠠᠭᠠᠯᠠᠬᠤ ᠨᠥᠬᠦᠴᠡᠯ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠵᠤ᠂ ᠴᠢᠨᠠᠷ ᠬᠤᠪᠢᠷᠬᠠᠰᠠᠨ ᠡᠰᠡᠬᠦ᠂ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠪᠠᠶᠢᠬᠤ ᠡᠰᠡᠬᠦ ᠶᠢ ᠪᠠᠶᠢᠴᠠᠭᠠᠪᠠ᠃
4.18公安局2.jpg
      ᠠᠷᠠᠳ ᠤᠨ ᠴᠠᠭᠳᠠᠭ᠎ᠠ ᠠᠷᠠᠰᠤ ᠬᠠᠮᠠᠭᠠᠯᠠᠬᠤ ᠡᠳ᠋ ᠤᠨ ᠳᠡᠯᠭᠡᠨ ᠪᠣᠷᠣᠯᠠᠭᠤᠯᠬᠤ ᠣᠷᠣᠨ ᠪᠦᠰᠡ ᠳᠤ ᠭᠦᠨᠵᠡᠭᠡᠶᠢᠷᠡᠨ᠂ ᠡᠯ᠎ᠡ ᠲᠥᠷᠥᠯ ᠤᠨ ᠠᠷᠠᠰᠤ ᠬᠠᠮᠠᠭᠠᠯᠠᠬᠤ ᠡᠳ᠋ ᠤᠨ ᠱᠣᠰᠢᠭ᠎ᠠ ᠲᠡᠮᠳᠡᠭ ᠢ ᠴᠢᠩᠭ᠎ᠠ ᠬᠢᠨᠠᠨ ᠪᠠᠶᠢᠴᠠᠭᠠᠪᠠ᠃ ᠦᠢᠯᠡᠳᠬᠦᠨ ᠤ ᠪᠣᠭᠤᠳᠠᠯ ᠳᠡᠭᠡᠷ᠎ᠡ ᠲᠣᠳᠣᠷᠬᠠᠶᠢᠯᠠᠭᠰᠠᠨ ᠨᠡᠷᠡᠶᠢᠳᠦᠯ᠂ ᠦᠢᠯᠡᠳᠪᠦᠷᠢᠯᠡᠯ ᠤᠨ ᠠᠵᠤ ᠠᠬᠤᠶᠢᠯᠠᠯ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷ ᠵᠡᠷᠭᠡ ᠮᠡᠳᠡᠭᠡ ᠵᠠᠩᠭᠢ ᠨᠢ ᠵᠢᠷᠤᠮᠵᠢᠭᠤᠨ ᠪᠠᠶᠢᠬᠤ ᠡᠰᠡᠬᠦ᠂ ᠪᠦᠷᠢᠨ ᠭᠦᠢᠴᠡᠳ ᠪᠠᠶᠢᠬᠤ ᠡᠰᠡᠬᠦ᠂ ᠦᠢᠯᠡᠳᠦᠯ ᠴᠢᠳᠠᠮᠵᠢ ᠶᠢ ᠶᠡᠬᠡᠰᠬᠡᠭᠰᠡᠨ ᠤᠬᠠᠭᠤᠯᠭ᠎ᠠ᠂ ᠬᠤᠳᠠᠯ ᠬᠠᠭᠤᠷᠮᠠᠭ ᠢᠶᠠᠷ ᠬᠠᠳᠠᠭᠰᠠᠨ ᠪᠦᠷᠢᠯᠳᠦᠬᠦᠨ ᠵᠡᠷᠭᠡ ᠬᠡᠷᠡᠭᠯᠡᠭᠴᠢᠳ ᠢ ᠠᠳᠡᠭᠦᠷᠡᠨ ᠳᠠᠭᠠᠭᠤᠯᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠴᠢᠩᠭ᠎ᠠ ᠵᠢᠭᠰᠠᠭᠠᠨ ᠪᠠᠶᠢᠴᠠᠭᠠᠪᠠ᠃ ᠪᠠᠷᠠᠭ᠎ᠠ ᠣᠷᠣᠭᠤᠯᠬᠤ ᠠᠷᠭ᠎ᠠ ᠵᠠᠮ ᠤᠨ ᠬᠢᠨᠠᠨ ᠪᠠᠶᠢᠴᠠᠭᠠᠯᠲᠠ ᠶᠢᠨ ᠳᠤᠮᠳᠠ᠂ ᠬᠤᠳᠠᠯᠳᠤᠭᠠᠴᠢᠳ ᠢ ᠪᠠᠷᠠᠭ᠎ᠠ ᠣᠷᠣᠭᠤᠯᠬᠤ ᠪᠦᠷᠢᠨ ᠪᠦᠲᠦᠨ ᠡᠬᠡ ᠲᠠᠩᠰᠠ ᠬᠠᠩᠭᠠᠵᠤ᠂ ᠠᠷᠠᠰᠤ ᠬᠠᠮᠠᠭᠠᠯᠠᠬᠤ ᠡᠳ᠋ ᠤᠨ ᠢᠷᠡᠯᠲᠡ ᠶᠢᠨ ᠵᠢᠩᠬᠢᠨᠢ ᠪᠠᠶᠢᠬᠤ ᠶᠢ ᠦᠨᠡᠨᠬᠦ ᠪᠠᠲᠤᠯᠠᠵᠤ᠂ ᠬᠠᠭᠤᠷᠮᠠᠭ ᠮᠠᠭᠤ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠪᠠ᠃ ᠲᠣᠰ ᠤᠳᠠᠭᠠᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠨᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠦᠴᠦᠲᠡᠶ ᠵᠢᠷᠤᠮᠵᠢᠭᠤᠯᠵᠤ᠂ ᠬᠤᠳᠠᠯᠳᠤᠭᠠᠴᠢᠨ ᠤ ᠢᠳᠡᠭᠡᠨ ᠤ ᠠᠮᠤᠷ ᠲᠦᠪᠰᠢᠨ ᠪᠠ ᠠᠷᠠᠰᠤ ᠬᠠᠮᠠᠭᠠᠯᠠᠬᠤ ᠡᠳ᠋ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠪᠠ᠃ ᠢᠳᠡᠭᠡᠨ ᠪᠠ ᠡᠮ ᠤᠨ ᠵᠦᠢᠯ ᠤᠨ ᠲᠤᠷᠰᠢᠨ ᠪᠠᠶᠢᠴᠠᠭᠠᠬᠤ ᠶᠡᠭᠡ ᠠᠩᠭᠢ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠪᠠ ︽ᠦᠵᠡᠰᠬᠦᠯᠡᠩᠲᠦ ᠰᠠᠶᠢᠬᠠᠨ ᠬᠡᠷᠡᠭᠯᠡᠭᠡᠨ ᠤ ᠠᠮᠤᠷ ᠲᠦᠪᠰᠢᠨ︾ ᠢ ᠦᠨᠡᠨᠬᠦ ᠰᠠᠬᠢᠨ ᠬᠠᠮᠠᠭᠠᠯᠠᠵᠤ᠂ ᠥᠷᠭᠡᠨ ᠣᠯᠠᠨ ᠬᠡᠷᠡᠭᠯᠡᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ