4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠰᠣᠶᠣᠯ ᠵᠢᠭᠤᠯᠴᠢᠯᠠᠯ ᠤᠨ ᠠᠵᠢᠯ ᠤᠨ ᠲᠤᠰᠬᠠᠶ | ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ | ᠵᠢᠯ ᠤᠨ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠸᠠᠩ ᠸᠠᠩ ᠱᠧᠩ᠂ ︽ᠨᠠᠮ ᠤᠨ ᠪᠠᠶᠢᠭᠤᠯᠤᠯᠲᠠ ᠨᠢ ᠰᠣᠶᠣᠯ ᠤᠨ ᠲᠤᠯᠭᠠᠭᠤᠷᠢᠯᠠᠯ ᠢ ᠳᠠᠶᠢᠴᠢᠯᠠᠬᠤ︾ ᠬᠥᠯᠥᠨ ᠪᠤᠶᠢᠷ ᠤᠨ ᠲᠠᠯ᠎ᠠ ᠨᠤᠲᠤᠭ ᠤᠨ ᠨᠠᠷᠠᠲᠤ | ᠲᠡᠮᠳᠡᠭ ᠢ ᠲᠠᠨᠢᠯᠴᠠᠭᠤᠯᠬᠤ ᠬᠤᠷᠠᠯ ᠢ ᠪᠡᠭᠡᠵᠢᠩ ᠳᠤ ᠡᠷᠭᠢᠯᠡᠭᠰᠡᠨ ᠤ ᠳᠠᠷᠠᠭ᠎ᠠ᠂ ᠮᠠᠰᠢ ᠰᠠᠶᠢᠨ ᠲᠤᠰᠬᠠᠯ ᠤᠯᠪᠠ᠃ ᠪᠥᠬᠦ ᠬᠤᠲᠠ ᠪᠠᠷ ᠢᠶᠠᠨ ᠲᠣᠰ ᠠᠵᠠ | ᠲᠣᠬᠢᠶᠠᠯ ᠢ ᠠᠰᠢᠭᠯᠠᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠰᠲ᠋ᠧᠮᠲᠦ ᠰᠡᠳᠬᠢᠬᠦᠶ᠂ ᠨᠢᠭᠡᠳᠦᠯᠲᠡᠶ ᠲᠥᠯᠥᠪᠯᠡᠬᠦ ᠠᠷᠭ᠎ᠠ ᠪᠠᠷ ᠵᠢᠭᠤᠯᠴᠢᠯᠠᠯ ᠤᠨ ᠲᠣᠭᠤᠷᠢᠯ | ᠱᠤᠭᠤᠮ ᠢ ᠵᠢᠷᠤᠵᠤ ᠲᠥᠯᠥᠪᠯᠡᠬᠦ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ᠂ ᠤᠨᠴᠠᠯᠢᠬᠳᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ | ᠰᠣᠳᠣᠨ ᠪᠦᠲᠦᠭᠡᠯ ᠤᠨ ᠠᠵᠢᠯᠯᠠᠭ᠎ᠠ ᠶᠢ ᠪᠣᠶ ᠪᠣᠯᠭᠠᠬᠤ᠂ ᠤᠬᠠᠭᠤᠯᠤᠨ ᠪᠣᠷᠣᠯᠠᠭᠤᠯᠬᠤ ᠶᠢ ᠳᠡᠯᠭᠡᠷᠡᠭᠦᠯᠬᠦ ᠵᠡᠷᠭᠡ ᠠᠵᠢᠯ ᠢ ᠠᠬᠢᠭᠤᠯᠵᠤ᠂ ᠡᠬᠢ ᠪᠠᠶᠠᠯᠢᠭ ᠪᠠ | ᠲᠥᠷᠥᠯ ᠵᠦᠢᠯ ᠢ ᠡᠮᠬᠢᠯᠡᠨ ᠨᠡᠶᠢᠯᠡᠭᠦᠯᠵᠦ ᠪᠣᠭᠤᠳᠠᠯᠯᠠᠨ ᠨᠠᠶᠢᠳᠠᠪᠤᠷᠢᠵᠢᠭᠤᠯᠵᠤ᠂ ᠬᠠᠪᠤᠷ ᠵᠤᠨ ᠤ ᠤᠯᠠᠷᠢᠯ ᠤᠨ ᠵᠢᠭᠤᠯᠴᠢᠯᠠᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ︽ᠬᠥᠯᠥᠨ ᠪᠤᠶᠢᠷ ᠤᠨ ᠲᠠᠯ᠎ᠠ ᠨᠤᠲᠤᠭ︾ ᠤᠨ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠭᠡᠷᠡᠯᠲᠦᠭᠦᠯᠬᠦ ᠬᠡᠷᠡᠭᠲᠡᠶ ᠭᠡᠵᠡᠢ᠃ | ᠸᠠᠩ ᠸᠠᠩ ᠱᠧᠩ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠴᠢᠩᠭᠠᠳᠬᠠᠵᠤ᠂ ᠣᠲᠣ ᠶᠢᠨ | ᠪᠠᠶᠢᠭ᠎ᠠ ᠦᠵᠡᠮᠵᠢ ᠶᠢᠨ ᠣᠷᠣᠨ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠨ᠂ ᠢᠮᠢᠨ ᠭᠤᠤᠯ ᠳᠠᠭᠠᠤ ᠵᠢᠴᠢ ᠬᠤᠶᠠᠷ ᠭᠤᠤᠯ ᠠᠷᠢᠭᠤᠨ ᠠᠭᠤᠯᠠᠨ ᠤ | ᠦᠵᠡᠮᠵᠢ ᠶᠢᠨ ᠣᠷᠣᠨ ᠢ ᠠᠮᠢᠳᠤᠯᠢᠭ ᠪᠣᠯᠭᠠᠵᠤ᠂ ᠡᠯ᠎ᠡ ᠬᠤᠰᠢᠭᠤ ᠬᠤᠲᠠ ᠲᠣᠭᠤᠷᠢᠭ ᠤᠨ ᠰᠣᠶᠣᠯ ᠵᠢᠭᠤᠯᠴᠢᠯᠠᠯ ᠤᠨ ᠡᠬᠢ ᠰᠤᠷᠪᠤᠯᠵᠢ ᠶᠢ ᠬᠤᠯᠪᠣᠵᠤ᠂ ᠨᠡᠭᠦᠳᠡᠯ | ᠮᠠᠯᠵᠢᠯ ᠤᠨ ᠤᠲᠤᠷ ᠲᠤ ᠭᠠᠷᠬᠤ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ︽ᠠᠭᠤᠰᠤᠯᠴᠠᠯ ᠤᠨ ᠵᠠᠮ︾᠂ ᠣᠷᠣᠰ ᠤᠨ ᠠᠮᠲᠠᠲᠤ ᠢᠳᠡᠭᠡᠨ ᠤ ᠪᠠᠶᠠᠷ | ᠵᠡᠷᠭᠡ ᠣᠨᠴᠠᠯᠢᠭᠲᠤ ᠠᠵᠢᠯᠯᠠᠭ᠎ᠠ ᠪᠠ ᠰᠣᠳᠣᠨ ᠵᠠᠮ ᠱᠤᠭᠤᠮ ᠢ ᠬᠤᠯᠪᠣᠭᠠᠯᠠᠨ ᠨᠢᠭᠡ ᠴᠣᠭᠴᠠᠵᠢᠭᠤᠯᠤᠨ ᠰᠦᠪᠡᠭᠴᠢᠯᠡᠵᠦ᠂ ᠣᠳᠣᠬᠠᠨ ᠤ ᠬᠡᠷᠡᠭᠯᠡᠭᠡᠨ ᠤ ᠤᠷᠤᠰᠬᠠᠯ | ᠪᠠ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠠᠩ ᠣᠯᠠᠨ ᠰᠢᠯᠢᠳᠡᠭ ᠦᠢᠯᠡᠳᠬᠦᠨ ᠤ ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ | ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠬᠡᠷᠡᠭᠲᠡᠶ᠃ ︽ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠤᠨ ᠨᠢᠭᠡᠳᠦᠯᠲᠡᠶ ᠲᠡᠮᠳᠡᠭ᠂ ᠤᠬᠠᠭᠤᠯᠭ᠎ᠠ ᠪᠠᠷ ᠳᠠᠮᠵᠢᠭᠤᠯᠤᠨ᠂ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠦᠨᠡᠨ ᠬᠦ ᠰᠠᠶᠢᠨ | ᠦᠢᠯᠡᠳᠬᠦᠨ ᠢᠶᠠᠨ ᠰᠠᠶᠢᠨ ᠦᠨ᠎ᠡ ᠪᠠᠷ ᠬᠤᠳᠠᠯᠳᠤᠬᠤ ᠶᠢ ᠪᠠᠲᠤᠯᠠᠬᠤ ᠬᠡᠷᠡᠭᠲᠡᠶ᠃ ᠥᠩᠭᠡᠷᠡᠭᠰᠡᠨ ᠵᠢᠯ ᠤᠳ ᠤᠨ ᠵᠣᠴᠢᠳ ᠤᠨ ᠢᠷᠡᠯᠲᠡ ᠶᠢᠨ ᠲᠠᠷᠬᠠᠯᠲᠠ ᠶᠢ | ᠨᠠᠷᠢᠯᠢᠭ ᠣᠨᠣᠴᠠᠲᠠᠶ ᠪᠠᠷ ᠵᠠᠳᠠᠯᠵᠤ᠂ ᠡᠵᠡᠩᠨᠡᠨ ᠪᠣᠷᠣᠯᠠᠭᠤᠯᠬᠤ ᠲᠥᠰᠦᠯ ᠢ ᠲᠣᠭᠲᠠᠭᠠᠨ᠂ ᠨᠠᠩ ᠣᠯᠠᠨ ᠵᠤᠭᠠᠴᠠᠭᠰᠠᠳ ᠢ ᠲᠠᠲᠠᠬᠤ ᠬᠡᠷᠡᠭᠲᠡᠶ᠃ ᠵᠢᠭᠤᠯᠴᠢᠯᠠᠯ ᠤᠨ | ᠬᠥᠭᠵᠢᠶᠡᠨᠲᠦ ᠤᠯᠠᠷᠢᠯ ᠬᠦᠷᠴᠦ ᠢᠷᠡᠬᠦ ᠠᠴᠠ ᠡᠮᠦᠨ᠎ᠡ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ᠂ | ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠰᠢᠮᠳᠠᠭᠤᠯᠤᠨ ᠪᠠᠶᠢᠴᠠᠭᠠᠵᠤ | ᠢᠯᠡᠷᠡᠭᠦᠯᠦᠭᠰᠡᠨ ᠪᠠ ᠥᠩᠭᠡᠷᠡᠭᠰᠡᠨ ᠵᠢᠯ ᠤᠳ ᠲᠤ ᠣᠷᠣᠰᠢᠵᠤ ᠪᠠᠶᠢᠭᠰᠠᠨ ᠡᠯ᠎ᠡ ᠲᠥᠷᠥᠯ ᠤᠨ ᠵᠢᠭᠤᠯᠴᠢᠯᠠᠯ ᠤᠨ ᠡᠷᠦᠶ ᠬᠤᠷᠤᠶ ᠥᠬᠡᠶ ᠦᠵᠡᠭᠳᠡᠯ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ | ᠬᠡᠷᠡᠭᠲᠡᠶ ᠭᠡᠵᠡᠢ᠃ |