ᠪᠦᠬᠦ ᠣᠷᠣᠨ ᠤ ᠡᠯ᠎ᠡ ᠭᠠᠵᠠᠷ ᠤᠨ ᠬᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/18
      2025 ᠣᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠷᠪᠠᠨ ᠵᠢᠯ ᠤᠨ ᠣᠶ ᠪᠠᠶᠢᠵᠤ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 15 ᠤ ᠡᠳᠦᠷ ᠪᠣᠯ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠲᠣᠭᠲᠠᠭᠠᠭᠰᠠᠨ ᠤ ᠠᠷᠪᠠᠳᠠᠬᠢ ᠤᠳᠠᠭᠠᠨ ᠤ ᠡᠳᠦᠷ ᠪᠣᠯᠤᠨ᠎ᠠ᠃ ᠣᠶᠢᠷ᠎ᠠ ᠶᠢᠨ ᠡᠳᠦᠷ ᠤᠳ ᠲᠤ᠂ ᠪᠦᠬᠦ ᠣᠷᠣᠨ ᠤ ᠡᠯ᠎ᠡ ᠭᠠᠵᠠᠷ ᠤᠨ ᠬᠢᠨ ᠠᠯᠢ ᠣᠯᠠᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ ᠡᠨᠡ ᠵᠢᠯ ᠤᠨ ︽4•15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠲᠤ ᠡᠷᠬᠢᠯᠡᠪᠡ᠃      ᠤᠯᠤᠰ ᠤᠨ ᠠᠮᠤᠷ ᠲᠦᠪᠰᠢᠨ ᠪᠣᠯ ᠤᠯᠤᠰ ᠢ ᠠᠮᠤᠷᠵᠢᠭᠤᠯᠤᠨ ᠤᠯᠤᠰ ᠢ ᠲᠦᠪᠰᠢᠳᠬᠡᠬᠦ ᠶᠢᠨ ᠪᠠᠲᠤ ᠰᠠᠭᠤᠷᠢ ᠪᠠᠶᠢᠵᠤ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠦᠨᠳᠦᠰᠦᠨ ᠪᠠᠲᠤᠯᠠᠭ᠎ᠠ ᠮᠥᠨ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢᠨ ᠬᠦᠲᠦᠯᠦᠨ ᠳᠠᠭᠠᠭᠤᠯᠭ᠎ᠠ ᠳᠣᠣᠷ᠎ᠠ ᠥᠪᠡᠷᠲᠡᠭᠡᠨ ᠵᠠᠰᠠᠬᠤ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠲᠣᠭᠲᠠᠭᠠᠭᠰᠠᠨ ᠤ ᠠᠷᠪᠠᠳᠠᠬᠢ ᠤᠳᠠᠭᠠᠨ ᠤ ᠡᠳᠦᠷ ᠢᠶᠠᠷ ᠠᠵᠠ ᠲᠣᠬᠢᠶᠠᠯ ᠪᠣᠯᠭᠠᠨ᠂ ᠤᠯᠠᠨ ᠶᠠᠩᠵᠤᠲᠤ ᠬᠡᠯᠪᠡᠷᠢ ᠶᠢᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠦᠵᠦ ᠲᠥᠯᠥᠪᠯᠡᠭᠡ ᠠᠴᠠ ᠦᠨᠳᠦᠰᠦᠨ ᠱᠠᠲᠤᠨ ᠤ ᠦᠢᠯᠡᠳᠦᠯᠭᠡ ᠬᠦᠷᠲᠡᠯ᠎ᠡ ᠤᠷᠲᠤᠳᠬᠠᠵᠤ᠂ ᠦᠵᠡᠯ ᠰᠠᠨᠠᠭ᠎ᠠ ᠣᠨᠣᠯᠵᠢᠬᠤᠨ ᠠᠴᠠ ᠪᠣᠳᠠᠲᠠᠢ ᠦᠢᠯᠡ ᠠᠵᠢᠯᠯᠠᠭ᠎ᠠ ᠬᠦᠷᠲᠡᠯ᠎ᠡ ᠭᠦᠨᠵᠡᠭᠡᠶᠢᠷᠡᠭᠦᠯᠬᠦ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠠ ᠦᠭᠡᠢ ᠪᠠᠬᠢᠵᠢᠭᠦᠯᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠥᠪᠥᠷ ᠮᠣᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ 2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ︵ᠥᠪᠥᠷ ᠮᠣᠩᠭᠤᠯ ᠥᠷᠲᠡᠭᠡ︶ ᠶᠢ ᠤᠯᠠᠭᠠᠨᠴᠠᠪ ᠲᠤ ᠡᠷᠬᠢᠯᠡᠪᠡ᠃      ᠬᠥᠬᠡᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠰᠠᠯᠠᠭ᠎ᠠ ᠮᠥᠴᠢᠷ ᠤᠳ᠂ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ ᠶᠢᠨ ᠬᠢᠨ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠲᠣᠮᠣ ᠠᠰᠠᠷ ᠲᠤ ᠭᠤᠣᠯ ᠰᠡᠳᠦᠪᠲᠦ ᠦᠵᠡᠭᠦᠯᠭᠡ ᠡᠷᠬᠢᠯᠡᠪᠡ᠃      ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ ᠶᠢᠨ ᠬᠢᠨ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠠᠵᠢᠯᠲᠠᠳ ᠲᠤ ᠲᠦᠭᠡᠮᠡᠯ ᠠᠰᠢᠭ ᠬᠦᠷᠲᠡᠭᠡᠬᠦ ᠵᠠᠬ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃      ᠬᠥᠯᠥᠨ ᠪᠤᠶᠢᠷ ᠤᠨ ᠬᠤᠲᠠ ᠲᠣᠭᠤᠷᠢᠭ ᠬᠤᠶᠠᠷ ᠱᠠᠲᠤᠨ ᠤ ᠤᠯᠠᠭᠠᠨᠮᠥ᠋ᠴᠢᠷ ᠤᠨ ᠬᠢᠨ ᠲᠤᠰᠬᠠᠶ ᠰᠡᠳᠦᠪᠲᠦ ᠬᠠᠷᠢᠭᠤ ᠲᠣᠭᠯᠠᠯᠲᠠ ᠭᠠᠷᠭᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠦᠷᠳᠡᠭᠦᠯᠦᠯ ᠢ ᠡᠰᠡᠷᠭᠦᠴᠡᠬᠦ ᠰᠠᠯᠪᠤᠷᠢ ᠠᠩᠭᠢ ᠪᠠ ᠣᠨᠴᠠ ᠲᠥᠷᠥᠯ ᠤᠨ ᠦᠢᠯᠡᠴᠢᠯᠡᠭᠡᠨ ᠤ ᠴᠠᠭᠳᠠᠨ ᠪᠠᠶᠢᠴᠠᠭᠠᠬᠤ ᠴᠠᠭᠳᠠᠭᠠᠨ ᠤ ᠰᠠᠯᠪᠤᠷᠢ ᠠᠩᠭᠢ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠪᠡ᠃      ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠬᠢᠨ ᠤᠯᠤᠰ ᠤᠨ ᠠᠮᠤᠷ ᠲᠦᠪᠰᠢᠨ ᠤ ᠨᠡᠶᠢᠲᠡ ᠶᠢᠨ ᠮᠠᠰᠢᠨ ᠲᠡᠷᠭᠡᠨ ᠤ ᠠᠩᠬᠠᠳᠠᠭᠴᠢ  ᠲᠤᠰᠬᠠᠶ ᠱᠤᠭᠤᠮ ᠪᠣᠯᠬᠤ ︽ᠤᠯᠤᠰ ᠤᠨ ᠠᠮᠤᠷ ᠲᠦᠪᠰᠢᠨ ᠨᠡᠷᠡᠮᠵᠢᠲᠦ︾ ᠪᠠᠨ ᠡᠬᠢᠯᠡᠭᠦᠯᠵᠦ ᠭᠦᠶᠦᠯᠭᠡᠪᠡ᠃ ᠷᠠᠰᠢᠶᠠᠨ ᠬᠤᠲᠠ ᠨᠢ ᠪᠠᠰᠠ ᠤᠯᠤᠰ ᠤᠨ ᠠᠮᠤᠷ ᠲᠦᠪᠰᠢᠨ ᠤ ᠭᠤᠤᠯ ᠰᠡᠳᠦᠪᠲᠦ ᠤᠬᠠᠭᠤᠯᠭ᠎ᠠ ᠶᠢᠨ ᠤᠷᠲᠤ ᠬᠤᠩᠭᠢᠯ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ᠃      ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ᠂ ᠤᠯᠠᠭᠠᠨᠮᠥ᠋ᠴᠢᠷ ᠤᠨ ᠭᠡᠰᠢᠭᠦᠳ ᠳᠠᠭᠤᠤ ᠪᠥᠵᠢᠭ᠂ ᠦᠵᠡᠭᠳᠡᠯᠲᠦ ᠵᠦᠴᠦᠭᠡ ᠵᠡᠷᠭᠡ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠬᠠᠤᠯᠢ ᠶᠢ ᠲᠣᠭᠯᠠᠯᠲᠠ ᠳᠤ ᠪᠠᠨ ᠠᠭᠤᠰᠤᠯᠴᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠯᠭᠡᠪᠡ᠃      ᠰᠢᠯᠢ ᠶᠢᠨ ᠭᠤᠣᠯ ᠠᠶᠢᠮᠠᠭ ᠤᠨ ᠬᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠲᠣᠭᠲᠠᠭᠠᠭᠰᠠᠨ ᠤ ᠠᠷᠪᠠᠳᠠᠬᠢ ᠤᠳᠠᠭᠠᠨ ᠤ ᠡᠳᠦᠷ ᠤᠨ ᠡᠬᠢᠯᠡᠯᠲᠡ ᠶᠢᠨ ᠶᠣᠰᠣᠯᠠᠯ ᠢ ᠰᠢᠯᠢ ᠶᠢᠨ ᠬᠤᠲᠠ ᠳᠤ ᠶᠠᠪᠤᠭᠳᠠᠭᠤᠯᠪᠠ᠃      ᠪᠠᠶᠠᠨᠨᠠᠭᠤᠷ ᠬᠤᠳᠠ ᠶᠢᠨ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢᠨ ᠭᠤᠣᠯ ᠰᠡᠳᠦᠪᠲᠦ ᠴᠡᠴᠡᠷᠯᠢᠭ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠯᠤᠰ ᠲᠦᠷᠦ᠂ ᠤᠯᠤᠰ ᠤᠨ ᠭᠠᠵᠠᠷ ᠰᠢᠷᠣᠢ ᠪᠠ ᠴᠡᠷᠢᠭ ᠤᠨ ᠶᠠᠪᠤᠳᠠᠯ᠂ ᠨᠡᠶᠢᠭᠡᠮ᠂ ᠠᠵᠤ ᠠᠬᠤᠢ᠂ ᠰᠣᠶᠣᠯ ᠪᠠ ᠰᠦᠯᠵᠢᠶ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠮᠢᠳᠤ ᠪᠣᠳᠠᠰ᠂ ᠳ᠋ᠠᠶᠢᠲ᠋ᠠ ᠪᠠ ᠭᠠᠳᠠᠭᠠᠳᠤ ᠶᠢᠨ ᠠᠰᠢᠭ ᠲᠤᠰᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠦᠵᠡᠭᠦᠯᠭᠡ ᠶᠢᠨ 9 ᠲᠣᠭᠤᠷᠢᠭ ᠨᠢ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ ᠲᠣᠭᠤᠷᠢᠨ ᠦᠵᠡᠵᠡᠭᠡᠵᠦ ᠪᠠᠶᠢᠪᠠ᠃      ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠳᠦᠷᠢᠮ ᠤᠨ ᠰᠠᠯᠪᠤᠷᠢ ᠠᠩᠭᠢ᠂ ᠤᠯᠤᠰ ᠲᠥᠷᠦ ᠶᠢᠨ ᠬᠠᠮᠠᠭᠠᠯᠠᠯᠲᠠ ᠶᠢᠨ ᠰᠠᠯᠪᠤᠷᠢ ᠠᠩᠭᠢ ᠵᠡᠷᠭᠡ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠨᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠢᠯᠡᠴᠢᠯᠡᠵᠦ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠪᠯᠡᠯ ᠤᠨ ᠡᠭᠦᠷ ᠨᠢ ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠨᠠᠮ ᠤᠨ ᠡᠭᠦᠷ᠂ ᠡᠮᠨᠡᠯᠭᠡ ᠶᠢᠨ ᠬᠤᠷᠢᠶᠠᠨ ᠤ ᠡᠪᠯᠡᠯ ᠤᠨ ᠬᠤᠷᠢᠶ᠎ᠠ ᠪᠣᠯᠤᠨ ᠠᠯᠠᠱᠠ ᠵᠡᠭᠦᠨ ᠬᠤᠰᠢᠭᠤᠨ ᠤ ᠮᠠᠨᠳᠤᠯ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠯᠦᠭᠡ ᠬᠠᠮᠲᠤᠷᠠᠨ᠂ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃
ᠢᠷᠡᠯᠲᠡ᠄ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ