ᠤᠷᠳᠤ ᠬᠤᠭᠤᠴᠠᠭ᠎ᠠ ᠪᠠᠷ ᠵᠢᠳᠭᠦᠨ ᠴᠢᠷᠮᠠᠶᠢᠵᠤ ᠰᠠᠶᠢᠨ ᠰᠠᠶᠢᠬᠠᠨ ᠬᠡᠪ ᠰᠤᠷᠳᠠᠯ ᠢ ᠪᠦᠷᠢᠯᠳᠦᠭᠦᠯᠦᠶ᠎ᠡ
ᠨᠡᠶᠢᠲᠡᠯᠡᠭᠰᠡᠨ ᠴᠠᠭ᠄
2025/4/18
      ᠣᠳᠣᠬᠠᠨ ᠳᠤ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠪᠣᠯ ᠤᠷᠤᠰᠬᠠᠯ ᠢ ᠰᠥᠷᠦᠨ ᠣᠩᠭᠤᠴᠠ ᠰᠡᠯᠢᠬᠦ ᠲᠠᠢ ᠠᠳᠠᠯᠢ᠂ ᠥᠴᠦᠬᠡᠨ ᠲᠡᠳᠦᠶ ᠰᠤᠯᠠᠷᠠᠪᠠᠯ ᠮᠢᠩᠭᠠᠨ ᠠᠯᠬᠤᠮ ᠤᠬᠤᠷᠢᠨ᠎ᠠ᠂ ᠭᠠᠭᠴᠠ ᠬᠦ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠡᠳᠦᠷ ᠲᠤᠲᠤᠮ ᠤᠨ ᠠᠮᠢᠳᠤᠷᠠᠯ ᠳᠠᠭᠠᠨ ᠠᠭᠤᠰᠬᠠᠨ᠂ ᠪᠠᠶᠢᠩᠭᠤ ᠠᠳᠬᠤᠵᠤ᠂ ᠤᠷᠳᠤ ᠬᠤᠭᠤᠴᠠᠭ᠎ᠠ ᠪᠠᠷ ᠵᠢᠳᠭᠦᠨ ᠴᠢᠷᠮᠠᠶᠢᠪᠠᠯ ᠰᠠᠶ᠋ᠢ ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ ᠴᠢᠳᠠᠨ᠎ᠠ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠲᠠᠷᠠᠭ᠎ᠠ᠂ ᠨᠠᠮ ᠤᠨ ᠲᠥᠪ ᠬᠤᠷᠢᠶ᠎ᠠ ᠶᠣᠰᠣ ᠲᠦᠷᠢᠮ ᠲᠣᠭᠲᠠᠭᠠᠬᠤ ᠠᠴᠠ ᠡᠬᠢᠯᠡᠨ ᠨᠠᠢᠮᠠᠨ ᠲᠣᠭᠲᠠᠭᠠᠯ ᠢ ᠨᠡᠶᠢᠲᠡᠯᠡᠵᠦ᠂ ︽ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ︾ ᠠᠴᠠ ︽ᠲᠡᠷᠭᠡ ᠬᠦᠰᠭᠡ ᠶᠢᠨ ᠢᠯᠵᠢᠷᠠᠯ︾ ᠬᠦᠷᠲᠡᠯ᠎ᠡ᠂ ︽ᠨᠠᠭᠠᠳᠤᠮ ᠴᠡᠩᠭᠡᠯ ᠤᠨ ᠭᠠᠵᠠᠷ ᠤᠨ ᠭᠠᠵᠢᠭᠤ ᠰᠤᠷᠲᠠᠯ︾ ᠠᠴᠠ ︽ᠪᠠᠶᠠᠷ ᠤᠨ ᠡᠳᠦᠷ ᠤᠨ ᠢᠯᠵᠢᠷᠠᠯ︾ ᠬᠦᠷᠲᠡᠯ᠎ᠡ᠂ ᠵᠢᠵᠢᠭ ᠰᠠᠵᠢᠭ ᠵᠦᠢᠯ ᠠᠴᠠ ᠶᠡᠭᠡ ᠴᠡᠭᠴᠡᠯᠡᠨ ᠵᠠᠰᠠᠯᠲᠠ ᠶᠢ ᠠᠬᠢᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠨᠠᠢᠮᠠᠨ ᠲᠣᠭᠲᠠᠭᠠᠯ ᠳᠤᠮᠳᠠᠳᠤ ᠤᠯᠤᠰ ᠢ ᠭᠦᠨᠵᠡᠭᠡᠢ ᠬᠤᠪᠢᠷᠠᠭᠤᠯᠪᠠ᠃       ᠡᠭᠦᠨ ᠤ ᠬᠠᠮᠲᠤ ᠪᠠᠰᠠ᠂ ᠰᠤᠷᠲᠠᠯ ᠤᠨ ᠪᠠᠶᠢᠭᠤᠯᠤᠯᠲᠠ ᠪᠣᠯ ᠡᠭᠦᠷᠢᠳᠡ ᠵᠤᠭᠰᠤᠰᠢ ᠦᠭᠡᠢ ᠪᠠᠶᠢᠳᠠᠭ᠂ ᠨᠢᠭᠡ ᠯᠡ ᠳᠡᠭᠡᠷ᠎ᠡ ᠪᠦᠳᠦᠴᠢᠭᠡᠬᠦ ᠪᠢᠰᠢ᠂ ᠨᠢᠭᠡ ᠯᠠ ᠠᠯᠬᠤᠮ ᠢᠶᠠᠷ ᠪᠡᠶᠡᠯᠡᠭᠦᠯᠴᠢᠭᠡᠬᠦ ᠪᠢᠰᠢ ᠭᠡᠳᠡᠭ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠬᠤᠢ ᠰᠠᠯᠬᠢ ᠮᠡᠳᠦ ᠪᠠᠷ ᠨᠢᠭᠡ ᠯᠠ ᠰᠠᠯᠬᠢᠯᠠᠭᠠᠳ ᠦᠩᠭᠡᠷᠡᠬᠦ ᠪᠢᠰᠢ᠂ ᠡᠷᠬᠡᠪᠰᠢ ᠦᠷᠭᠦᠯᠵᠢ ᠠᠳᠬᠤᠵᠤ᠂ ᠤᠷᠳᠤ ᠬᠤᠭᠤᠴᠠᠭ᠎ᠠ ᠪᠠᠷ ᠠᠳᠬᠤᠬᠤ ᠬᠡᠷᠡᠭᠲᠡᠢ᠃     ᠤᠳᠤᠬᠠᠨ ᠳᠤ᠂ ᠵᠠᠷᠢᠮ ᠭᠠᠵᠠᠷ ᠤᠷᠤᠨ ᠳᠤ ᠮᠦᠨ ᠬᠦ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠷᠤᠰᠢᠵᠤ᠂ ᠲᠤᠭ᠎ᠠ ᠪᠠᠷᠢᠮᠳᠠ ᠪᠠᠷ ᠪᠣᠳᠠᠲᠠᠢ ᠠᠵᠢᠯ ᠢ ᠤᠷᠤᠯᠠᠭᠤᠯᠵᠤ ᠪᠠᠶᠢᠨ᠎ᠠ︔ ᠴᠥᠭᠡᠨ ᠲᠣᠭᠠᠨ ᠤ ᠺᠠᠳ᠋ᠷ ᠭᠤᠷᠢᠳᠠᠯ ᠡᠪᠦᠷᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠨ ︽ᠪᠡᠶ᠎ᠡ ᠳᠠᠯᠳᠠᠯᠠᠬᠤ ᠬᠤᠪᠴᠠᠰᠤ︾ ᠡᠮᠦᠰᠴᠦ ᠪᠠᠶᠢᠨ᠎ᠠ︔ ᠣᠨᠴᠠ ᠵᠠᠷᠢᠮ ᠬᠦᠷᠢᠶᠡᠨ ᠳᠤ ᠡᠭᠦᠳᠡ ᠶᠢ ᠨᠢ ᠣᠷᠣᠬᠤ ᠳᠤ ᠠᠮᠠᠷᠬᠠᠨ᠂ ᠴᠢᠷᠠᠢ ᠨᠢ ᠰᠠᠶᠢᠬᠠᠨ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ ᠵᠡᠷᠭᠡ ᠠᠰᠠᠭᠤᠳᠠᠯ ᠪᠠᠶᠢᠨ ᠲᠠᠬᠢᠨ ᠭᠠᠷᠴᠤ ᠪᠠᠶᠢᠨ᠎ᠠ᠃ ᠡᠳᠡᠭᠡᠷ ᠦᠵᠡᠭᠳᠡᠯ ᠨᠢ᠂ ᠰᠤᠷᠲᠠᠯ ᠤᠨ ᠠᠰᠠᠭᠤᠳᠠᠯ ᠪᠣᠯ ᠳᠠᠪᠲᠠᠯᠲᠠ ᠶᠢᠨ ᠴᠢᠨᠠᠷ ᠪᠠ ᠮᠤᠵᠢᠭᠤᠳᠠ ᠴᠢᠨᠠᠷ ᠲᠠᠢ ᠪᠠᠶᠢᠳᠠᠭ᠂ ᠰᠤᠷᠲᠠᠯ ᠤᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠪᠠᠶᠢᠩᠭᠤ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠢᠯ ᠤᠨ ᠡᠷᠴᠢᠮ ᠢᠶᠠᠨ ᠪᠠᠲᠤᠯᠠᠵᠤ᠂ ᠤᠶᠠᠨ ᠬᠠᠳᠠᠨ ᠴᠢᠨᠠᠷ ᠢᠶᠠᠨ ᠪᠠᠲᠤᠯᠠᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠭᠡᠵᠦ᠂ ᠰᠠᠶᠢᠨ ᠬᠢᠵᠦ ᠰᠠᠶᠢᠨ ᠦᠷ᠎ᠡ ᠪᠦᠲᠦᠮᠵᠢ ᠣᠯᠵᠤ᠂ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ ᠭᠡᠳᠡᠭ ᠢ ᠪᠢᠳᠡᠨ ᠳᠤ ᠳᠠᠬᠢᠨᠲᠠ ᠰᠡᠷᠡᠮᠵᠢᠯᠡᠭᠦᠯᠵᠦ ᠪᠠᠶᠢᠨ᠎ᠠ᠃       ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠭᠦᠯᠬᠦ ᠨᠢ ᠥᠷᠯᠥᠭᠡ ᠦᠳᠡᠰᠢ ᠶᠢᠨ ᠬᠤᠭᠤᠷᠣᠨᠳᠣ ᠪᠦᠲᠦᠭᠡᠴᠢᠬᠡᠬᠦ ᠶᠠᠪᠤᠳᠠᠯ ᠣᠭᠲᠣ ᠪᠢᠰᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠪᠠᠶᠢᠩᠭᠤ ᠠᠳᠬᠤᠬᠤ᠂ ᠨᠠᠷᠢᠯᠢᠭ ᠠᠳᠬᠤᠬᠤ᠂ ᠤᠷᠳᠤ ᠬᠤᠭᠤᠴᠠᠭ᠎ᠠ ᠪᠠᠷ ᠠᠳᠬᠤᠬᠤ︾ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠢᠮᠠᠭᠲᠠ ᠤᠬᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠳᠠᠯᠠᠵᠤ᠂ ᠲᠥᠪ ᠤᠨ ᠨᠠᠢᠮᠠᠨ ᠲᠣᠭᠲᠠᠭᠠᠯ ᠢ ᠲᠡᠮᠤᠷ ᠮᠡᠲᠦ ᠶᠣᠰᠣ ᠲᠦᠷᠢᠮ᠂ ᠬᠠᠲᠠᠭᠤ ᠪᠠᠷᠢᠮᠵᠢᠶ᠎ᠠ ᠪᠣᠯᠭᠠᠵᠤ᠂ ᠨᠢᠭᠡ ᠨᠢᠭᠡ ᠵᠠᠩᠭᠢᠯᠠᠭ᠎ᠠ ᠶᠢᠨ ᠴᠡᠭ ᠢᠶᠠᠷ ᠪᠠᠲᠤ ᠰᠠᠬᠢᠵᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠵᠦ᠂ ᠪᠣᠳᠠᠲᠠᠢ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠠᠬᠢᠨ ᠡᠭᠦᠰᠭᠦ ᠶᠢ ᠰᠡᠷᠭᠡᠶᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠣᠨᠴᠠ ᠡᠷᠬᠡ ᠶᠢᠨ ᠦᠵᠡᠯ ᠰᠠᠨᠠᠭ᠎ᠠ᠂ ᠣᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠵᠦ᠂ ᠨᠠᠮ ᠤᠨ ᠭᠡᠰᠢᠭᠦᠨ ᠺᠠᠳ᠋ᠷ ᠤᠨ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠬᠤ ᠶᠢ ᠱᠠᠯᠠᠪᠳᠠᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠬᠥᠮᠦᠵᠢᠯ ᠢᠶᠠᠷ ᠲᠣᠬᠢᠶᠠᠯ ᠪᠣᠯᠭᠠᠵᠤ᠂ ︽ᠦᠵᠡᠯ ᠰᠠᠨᠠᠭᠠᠨ ᠤ ᠲᠣᠭᠤᠰᠣ︾ ᠪᠠᠨ ᠦᠷᠭᠦᠯᠵᠢ ᠭᠦᠪᠢᠵᠦ᠂ ︽ᠬᠤᠪᠳᠤᠭ ᠰᠢᠨᠤᠯ ᠤᠨ ᠬᠤᠤᠷ ᠬᠦᠨᠦᠭᠡᠯ︾ ᠢ ᠢᠯᠡᠭᠦᠬᠡᠨ ᠪᠣᠳᠣᠯᠬᠢᠯᠠᠵᠤ᠂ ︽ᠰᠡᠳᠭᠢᠯ ᠤᠨ ᠬᠤᠯᠠᠭᠠᠢ︾ ᠢᠢ ᠦᠷᠭᠦᠯᠵᠢ ᠰᠡᠷᠭᠡᠶᠢᠯᠡᠵᠤ᠂ ᠰᠠᠶᠢᠨ ᠰᠤᠷᠲᠠᠯ ᠰᠠᠶᠢᠨ ᠲᠦᠷᠢ ᠲᠥᠷᠬᠦ ᠪᠠᠷ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠬᠦ ᠬᠡᠷᠡᠭᠲᠡᠢ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ