ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 274 ᠳ᠋ᠣᠭᠡᠷ ᠲᠣᠭᠠᠲᠤ | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2025 ᠣᠨ ᠤ 2 ᠳ᠋ᠤᠭᠠᠷ ᠰᠠᠷ᠎ᠠ ᠶᠢᠨ 24 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ | ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠣᠨ ᠤ ᠲᠡᠷᠢᠭᠦᠯᠡᠭᠴᠢ ᠸᠠᠩ ᠯᠢ ᠰᠢᠶᠠ | | | 2025 ᠣᠨ ᠤ 2 ᠳ᠋ᠤᠭᠠᠷ ᠰᠠᠷ᠎ᠠ ᠶᠢᠨ 27 ᠤ ᠡᠳᠦᠷ | | | ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ | | | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠲᠦᠯ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠣᠨᠨᠲᠠᠭᠠᠨᠨᠰᠠᠨ ᠨᠢ᠄ | ᠨᠢᠭᠡ᠂ 1 ᠢᠵᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶ | ᠬᠤᠶᠠᠷ᠂ 4 ᠢᠵᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠦᠴᠦᠨ ᠥᠬᠡᠶ ᠪᠣᠯᠭᠠᠨ᠎ᠠ᠃ ︵ᠳᠠᠭᠠᠯᠳᠤᠭᠤᠯᠤᠯ 2︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠨ | ᠭᠦᠬᠢᠬᠦᠯᠬᠦ ᠠᠷᠭ᠎ᠠ︾ ᠳᠤ ᠵᠤᠬᠢᠬᠤ ᠵᠠᠰᠠᠪᠤᠷᠢ ᠣᠷᠣᠭᠤᠯᠵᠤ᠂ ᠳᠠᠬᠢᠨ ᠨᠡᠶᠢᠲᠡᠯᠡᠨ᠎ᠡ᠃ | ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ | ᠣᠷᠳᠣᠨ ᠤ ᠲᠤᠨᠨᠲᠠᠭᠠᠯ ᠲᠦᠷᠢᠮ | 2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠤᠨᠨᠲᠠᠭᠠᠯ ᠲᠦᠷᠢᠮ | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠪᠤᠷᠢ | ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠨ ᠭᠦᠬᠢᠬᠦᠯᠬᠦ ᠠᠷᠭ᠎ᠠ︾ ᠶᠢᠨ ᠬᠤᠶᠠᠳᠤᠭᠠᠷ | ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠬᠡᠨ ᠵᠠᠰᠠᠬᠤ ᠤᠷᠤᠨ ᠲᠤᠤᠷ᠎ᠠ ᠵᠢᠨᠨᠰᠠᠭᠠᠨᠨᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠯ ᠪᠠᠶᠢᠭᠤᠯᠤᠨ ᠲᠣᠬᠢᠷᠠᠭᠤᠯᠤᠨ᠎ᠠ᠄ | ︽︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠᠭᠠᠢ ᠬᠤᠪᠢ ᠨᠡᠮᠡᠷᠢ ᠶᠢᠨ ᠱᠠᠩᠨᠠᠯ︔ | ︽︵ᠬᠤᠶᠠᠷ︶ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ︔ | ︽︵ᠭᠤᠷᠪᠠ︶ ᠮᠡᠷᠬᠡᠵᠢᠯ ᠤᠨ ᠡᠭᠦᠳᠦᠯᠲᠡ ᠶᠢᠨ ᠱᠠᠩᠨᠠᠯ︔ | ︽︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠠᠪᠰᠢᠯᠲᠠ ᠶᠢᠨ ᠱᠠᠩᠨᠠᠯ︔ | ︽︵ᠲᠠᠪᠤ︶ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ︔ | ︽︵ᠵᠢᠷᠭᠤᠭ᠎ᠠ︶ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠳᠤᠷᠠᠯᠴᠠᠭᠠᠨ ᠤ ᠱᠠᠩᠨᠠᠯ᠃︾ | ᠭᠤᠷᠪᠠᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠨᠢᠤᠯᠤᠰ ᠤᠨ ᠪᠠᠶᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠥᠯᠥᠪᠵᠢᠭᠦᠯᠭᠡ ᠲᠠᠢ ᠨᠢᠭᠲᠠ ᠤᠶᠠᠯᠳᠤᠬᠤ ᠬᠡᠷᠡᠭᠲᠡᠶ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠳᠤ ᠪᠠᠷᠠᠯᠠᠯᠲᠠ ᠴᠢᠨᠠᠷ᠂ ᠤᠨᠤᠯ ᠤᠨ ᠴᠢᠨᠠᠷ ᠢ | ᠴᠢᠬᠤᠯᠠᠴᠢᠯᠠᠵᠤ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠳᠤ ᠤᠤᠭᠠᠯ ᠡᠭᠦᠳᠦᠯᠲᠡ ᠶᠢᠨ ᠴᠢᠨᠠᠷ᠂ ᠬᠡᠷᠡᠭᠯᠡᠭᠡᠨ ᠤ ᠴᠢᠨᠠᠷ ᠢ ᠴᠢᠬᠤᠯᠠᠴᠢᠯᠠᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠳᠤ ᠰᠢᠨ᠎ᠡ ᠶᠢ ᠡᠭᠦᠳᠬᠦ ᠴᠢᠨᠠᠷ᠂ ᠦᠷ᠎ᠡ ᠠᠰᠢᠭᠲᠤ ᠴᠢᠨᠠᠷ ᠢ ᠴᠢᠬᠤᠯᠠᠴᠢᠯᠠᠬᠤ ᠬᠡᠷᠡᠭᠲᠡᠢ᠃︾ | ᠲᠦᠷᠪᠡᠳᠦᠬᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ | ᠭᠦᠬᠢᠬᠦᠯᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠳᠦᠬᠡᠯᠲᠡ ᠶᠢ ᠬᠦᠨᠳᠦᠳᠬᠡᠬᠦ ᠴᠢᠭᠯᠡᠯᠲᠡ ᠶᠢ ᠵᠢᠷᠤᠮᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠪᠣᠶᠢᠵᠢᠭᠤᠯᠤᠨ ᠦᠢᠯᠡᠳᠦᠯᠬᠡᠵᠢᠬᠦᠯᠬᠦ ᠬᠡᠷᠡᠭᠳᠡᠢ᠃ | ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠭᠦᠬᠢᠬᠦᠯᠬᠦ ᠠᠵᠢᠯ ᠤᠨ ᠴᠢᠬᠤᠯᠠ ᠶᠡᠭᠡ ᠵᠦᠢᠯᠡᠰ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠶ᠃︾ | ᠲᠤᠯᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠭᠦᠬᠢᠬᠦᠯᠬᠦ ᠺᠤᠮᠢᠰ ︵ᠳᠣᠷᠣᠭᠰᠢ ᠱᠠᠩᠨᠠᠨ ᠭᠦᠬᠢᠬᠦᠯᠬᠦ ᠺᠤᠮᠢᠰ ᠭᠡᠵᠦ ᠲᠣᠪᠴᠢᠯᠠᠨ᠎ᠠ︶ ᠪᠠᠶᠢᠭᠤᠯᠤᠨ ᠲᠤᠬᠢᠷᠠᠭᠤᠯᠣᠨ᠎ᠠ᠃ | ᠱᠠᠩᠨᠠᠨ ᠭᠦᠬᠢᠬᠦᠯᠬᠦ ᠺᠣᠮᠢᠰ ᠲᠤ ᠬᠤᠯᠪᠣᠭᠳᠠᠯ ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ ᠵᠡᠷᠭᠡ ᠶᠢ ᠤᠷᠢᠵᠤ ᠰᠢᠯᠭᠠᠷᠠᠭᠤᠯᠬᠤ ᠺᠣᠮᠢᠰ ᠪᠠ ᠬᠢᠨᠠᠯᠲᠠ | ᠲᠠᠯᠪᠢᠬᠤ ᠺᠣᠮᠢᠰ ᠢ ᠪᠦᠷᠢᠯᠳᠦᠬᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠰᠢᠯᠭᠠᠷᠠᠭᠤᠯᠬᠤ ᠪᠠ ᠲᠡᠭᠦᠨ ᠳᠤ | ᠬᠢᠨᠠᠯᠲᠠ ᠲᠠᠯᠪᠢᠬᠤ ᠠᠵᠢᠯ ᠢ ᠬᠠᠷᠢᠭᠤᠴᠠᠭᠤᠯᠤᠨ᠎ᠠ᠃ | ︽ᠱᠠᠩᠨᠠᠨ ᠭᠦᠬᠢᠬᠦᠯᠬᠦ ᠺᠣᠮᠢᠰ ᠤᠨ ᠪᠦᠷᠢᠯᠳᠦᠬᠦᠨ ᠪᠣᠯᠬᠤ ᠭᠦᠮᠦᠰ ᠢᠶᠠᠷ ᠵᠢᠱᠢᠭᠳᠡᠭᠰᠡᠳ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ︽ᠱᠠᠩᠨᠠᠨ ᠭᠦᠬᠢᠬᠦᠯᠬᠦ ᠺᠣᠮᠢᠰ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ᠃︾ | ᠠᠷᠪᠠᠨ ᠵᠢᠷᠭᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠤᠨ ᠰᠢᠯᠭᠠᠷᠠᠭᠤᠯᠬᠤ ᠠᠵᠢᠯ ᠢ ᠡᠬᠢᠯᠡᠬᠦᠯᠬᠦ ᠠᠴᠠ ᠠᠷᠪᠠᠨ ᠲᠠᠪᠤᠨ ᠡᠳᠦᠷ ᠤᠨ ᠡᠮᠦᠨ᠎ᠡ᠂ ᠲᠣᠰ ᠰᠠᠯᠠᠭ᠎ᠠ ᠮᠥᠴᠢᠷ ᠤᠨ ᠰᠦᠯᠵᠢᠶᠡᠨ ᠦᠷᠲᠡᠬᠡᠨ ᠳᠤ ᠪᠠᠨ | ᠨᠡᠷ᠎ᠡ ᠲᠤᠷᠠᠳᠤᠨᠨᠳ᠋ᠬᠠᠰᠠᠨ ᠮᠠᠲ᠋ᠧᠷᠢᠶᠠᠯ ᠤᠨ ᠮᠡᠳᠡᠭᠦᠯᠦᠨ ᠬᠦᠷᠭᠡᠬᠦ ᠴᠠᠭ᠂ ᠠᠷᠭ᠎ᠠ ᠮᠠᠶᠢᠭ ᠵᠡᠷᠭᠡ ᠬᠤᠯᠪᠣᠭᠳᠠᠯ ᠪᠥᠬᠦᠶ ᠵᠦᠢᠯᠡᠰ ᠢᠶᠠᠨ ᠨᠡᠶᠢᠬᠡᠮ ᠨᠡᠶᠢᠳᠡ ᠳᠤ ᠵᠠᠷᠯᠠᠨ | ᠨᠡᠶᠢᠲᠡᠯᠡᠬᠦ ᠶᠢᠨ ᠬᠠᠮᠲᠤ᠂ ᠠᠰᠠᠭᠤᠨ ᠯᠠᠪᠯᠠᠬᠤ ᠤᠲᠠᠰᠤ ᠲᠣᠬᠢᠷᠠᠭᠤᠯᠵᠦ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃︾ | ᠠᠷᠪᠠ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠨᠡᠷ᠎ᠡ ᠲᠤᠷᠠᠳᠤᠨᠨᠳ᠋ᠬᠠᠰᠠᠨ ᠮᠠᠲ᠋ᠧᠷᠢᠶᠡᠯ ᠳᠤ ᠭᠡᠯᠪᠡᠷᠢ ᠶᠢᠨ ᠬᠢᠨᠡᠨ ᠪᠠᠶᠢᠴᠠᠭᠠᠯᠳᠡ ᠬᠢᠬᠦ | ᠠᠵᠢᠯ ᠢ ᠬᠠᠷᠢᠭᠤᠴᠠᠵᠦ᠂ ᠬᠦᠯᠢᠶᠡᠨ ᠠᠪᠴᠥ ᠰᠶᠢᠳᠪᠦᠷᠢᠯᠡᠬᠦ ᠨᠦᠬᠦᠴᠡᠯ ᠳᠤ ᠨᠡᠶᠢᠴᠡᠬᠦ ᠨᠡᠷ᠎ᠡ ᠵᠢᠱᠢᠭᠳᠡᠭᠴᠢ᠂ ᠳᠦᠷᠦᠯ ᠵᠦᠢᠯ ᠤᠨ ᠨᠡᠷᠡᠶᠢᠳᠦᠯ ᠵᠡᠷᠭᠡ ᠵᠦᠢᠯᠡᠰ ᠢ | ᠲᠣᠰ ᠰᠠᠯᠠᠭ᠎ᠠ ᠮᠦᠴᠢᠷ ᠤᠨ ᠰᠦᠯᠵᠢᠶᠡᠨ ᠦᠷᠲᠡᠬᠡᠨ ᠳᠤ ᠪᠠᠨ ᠨᠡᠶᠢᠭᠡᠮ ᠨᠡᠶᠢᠳᠡ ᠳᠤ ᠲᠠᠪᠤᠨ ᠠᠵᠢᠯᠯᠠᠬᠤ ᠡᠳᠣᠷ ᠤᠨ ᠬᠤᠭᠤᠴᠠᠭ᠎ᠠ ᠲᠠᠢ ᠵᠠᠷᠯᠠᠨ ᠨᠡᠶᠢᠳᠡᠯᠡᠨ᠎ᠡ︔ | ᠬᠦᠯᠢᠶᠡᠨ ᠠᠪᠴᠤ ᠰᠶᠢᠳᠪᠦᠷᠢᠯᠡᠬᠦ ᠨᠦᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠦᠯᠢᠶᠡᠨ ᠠᠪᠴᠤ ᠰᠶᠢᠳᠪᠦᠷᠢᠯᠡᠬᠦ ᠦᠭᠡᠢ ᠪᠦᠭᠡᠳ ᠤᠴᠢᠷ ᠰᠢᠯᠲᠠᠭᠠᠨ ᠢᠶᠠᠨ | ᠲᠤᠳᠤᠷᠬᠠᠶᠢᠯᠠᠬᠤ ᠬᠡᠷᠡᠭᠳᠡᠢ᠃︾ | ᠬᠤᠷᠢᠨ ᠵᠢᠷᠭᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠱᠠᠩᠨᠠᠯ ᠬᠦᠷᠳᠡᠭᠴᠢ ᠪᠠ ᠱᠠᠩᠨᠠᠨ ᠭᠦᠬᠢᠬᠦᠯᠬᠦ ᠳᠡᠰ ᠵᠡᠷᠭᠡ ᠶᠢᠨ ᠰᠶᠢᠳᠪᠦᠷᠢ ᠶᠢ | ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠦᠷᠲᠡᠭᠡ ᠪᠠ ᠲᠣᠰ ᠰᠠᠯᠠᠭ᠎ᠠ ᠮᠦᠴᠢᠷ ᠤᠨ ᠰᠦᠯᠵᠢᠶᠡᠨ | ᠦᠷᠲᠡᠭᠡᠨ ᠳᠤ ᠪᠠᠨ ᠨᠡᠶᠢᠭᠡᠮ ᠨᠡᠶᠢᠳᠡ ᠳᠤ ᠵᠠᠷᠯᠠᠨ ᠨᠡᠶᠢᠳᠡᠯᠡᠵᠦ᠂ ᠵᠠᠷᠯᠠᠨ ᠨᠡᠶᠢᠳᠡᠯᠡᠬᠦ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ᠪᠣᠯᠣᠨ᠎ᠠ᠃︾ | ᠬᠤᠷᠢᠨ ᠨᠠᠢᠮᠠᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠱᠠᠩᠨᠠᠨ ᠭᠦᠬᠢᠬᠦᠯᠬᠦ ᠺᠤᠮᠢᠰ ᠤᠨ ᠭᠠᠷᠭᠠᠨᠨᠰᠠᠨ ᠡᠯ᠎ᠡ ᠱᠠᠩᠨᠠᠯ ᠤᠨ ᠲᠦᠷᠦᠯ ᠤᠨ | ᠱᠠᠩᠨᠠᠯ ᠬᠦᠷᠳᠡᠭᠴᠢ ᠪᠠ ᠱᠠᠩᠨᠠᠨ ᠭᠦᠬᠢᠬᠦᠯᠬᠦ ᠳᠡᠰ ᠵᠡᠷᠭᠡ ᠶᠢᠨ ᠰᠶᠢᠳᠪᠦᠷᠢ ᠶᠢ ᠬᠢᠨᠠᠨ ᠬᠠᠷᠭᠤᠭᠤᠯᠵᠦ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠦᠨ ᠵᠦᠪᠰᠢᠶᠡᠷᠡᠬᠦᠯᠬᠦ ᠬᠡᠷᠡᠭᠲᠡᠢ᠃︾ | ᠬᠤᠷᠢ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠᠭᠠᠢ ᠬᠤᠪᠢ ᠨᠡᠮᠡᠷᠢ ᠶᠢᠨ | ᠱᠠᠩᠨᠠᠯ ᠳᠤ ᠱᠠᠩᠨᠠᠯ ᠤᠨ ᠮᠧᠲᠠᠯ᠂ ᠦᠨᠡᠮᠯᠡᠯ ᠪᠠ ᠱᠠᠩᠨᠠᠯ ᠤᠨ ᠮᠥᠩᠭᠦ ᠤᠯᠭᠤᠨ᠎ᠠ᠃ | ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠡᠪᠰᠢᠯᠲᠡ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ᠂ ᠣᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠳᠤ ᠦᠨᠡᠮᠯᠡᠯ ᠪᠠ ᠱᠠᠩᠨᠠᠯ ᠤᠨ ᠮᠦᠩᠬᠦ ᠤᠯᠭᠤᠨ᠎ᠠ᠃︾ | ᠭᠤᠴᠢ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠱᠠᠩᠨᠠᠯ ᠬᠦᠷᠳᠡᠭᠴᠢ ᠪᠤᠰᠤᠳ ᠤᠨ ᠢᠯᠡᠷᠡᠭᠦᠯᠦᠭᠰᠡᠨ᠂ ᠡᠭᠦᠳᠦᠨ ᠪᠦᠳᠦᠭᠡᠭᠰᠡᠨ | ᠪᠤᠶᠤ ᠪᠤᠰᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠬᠤᠯᠠᠭᠠᠶᠢᠯᠬᠠᠰᠠᠨ᠂ ᠦᠪᠡᠷᠴᠢᠯᠡᠭᠰᠡᠨ᠂ ᠡᠰᠡᠭᠦᠯ᠎ᠡ ᠪᠤᠰᠤᠳ ᠵᠦᠢ ᠪᠤᠰᠤ ᠠᠷᠭ᠎ᠠ | ᠪᠠᠷᠢᠯ ᠢᠶᠠᠷ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠮᠡᠭᠡᠯᠡᠨ ᠤᠯᠤᠨᠨᠰᠠᠨ ᠪᠠᠶᠢᠪᠠᠯ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠱᠠᠩᠨᠠᠯ | ᠭᠦᠬᠢᠬᠦᠯᠦᠯ ᠢ ᠨᠢ ᠬᠦᠴᠦᠨ ᠦᠭᠡᠢ ᠪᠤᠯᠭᠠᠵᠤ᠂ ᠱᠠᠩᠨᠠᠯ ᠤᠨ ᠮᠧᠲᠠᠯ᠂ ᠱᠠᠩᠨᠠᠨ ᠭᠦᠬᠢᠭᠦᠯᠦᠭᠰᠡᠨ ᠦᠨᠡᠮᠯᠡᠯ ᠪᠠ ᠱᠠᠩᠨᠠᠯ ᠤᠨ ᠮᠦᠩᠬᠦ ᠪᠠᠨ ᠨᠡᠬᠡᠮᠵᠢᠯᠡᠨ | ᠬᠤᠷᠢᠶᠠᠬᠤ ᠶᠢᠨ ᠬᠠᠮᠳᠤ᠂ ᠪᠠᠶᠢᠭ᠎ᠠ ᠨᠢᠭᠡᠴᠢ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠤᠯᠢ ᠶᠤᠰᠤᠭᠠᠷ ᠰᠶᠢᠳᠬᠡᠯ ᠦᠭᠬᠦ ᠭᠡᠷᠡᠭᠳᠡᠢ᠃︾ | ᠳᠠᠭᠠᠯᠳᠤᠭᠤᠯᠤᠯ 2 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ | ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ | ᠨᠢᠭᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠷᠭ᠎ᠠ︾ | ︵2015 ᠣᠨ ᠤ 3 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 211 ᠳ᠋ᠣᠭᠡᠷ ᠲᠣᠭᠠᠲᠤ ᠪᠠᠷ ᠨᠡᠶᠢᠲᠡᠯᠡᠪᠡ︶ | ᠬᠤᠶᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠡᠷᠢᠭ ᠬᠦᠮᠦᠨ ᠤ ᠠᠰᠠᠷᠠᠮᠵᠢ ᠬᠠᠷᠠᠭᠠᠯᠵᠠᠯ ᠤᠨ ᠠᠷᠭ᠎ᠠ︾ ︵2015 ᠤᠨ ᠤ 7 | ᠳ᠋ᠤᠭᠠᠷ ᠰᠠᠷ᠎ᠠ ᠶᠢᠨ 1 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 215 ᠳ᠋ᠤᠭᠠᠷ | ᠲᠤᠭᠠᠲᠤ ᠪᠠᠷ ᠨᠡᠶᠢᠳᠡᠯᠡᠪᠡ︶ | ᠭᠤᠷᠪᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ︵2012 | ᠤᠨ ᠤ 7 ᠳ᠋ᠤᠭᠠᠷ ᠰᠠᠷ᠎ᠠ ᠶᠢᠨ 9 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 188 ᠳ᠋ᠤᠭᠠᠷ | ᠲᠤᠭᠠᠲᠤ ᠪᠠᠷ ᠨᠡᠶᠢᠳᠡᠯᠡᠪᠡ︶ | ᠳᠦᠷᠪᠠ᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠦᠮᠦᠨ ᠤ ᠬᠦᠴᠥ ᠪᠠᠷ ᠴᠠᠭ ᠠᠭᠤᠷ ᠢ ᠨᠦᠯᠥᠭᠡᠯᠡᠬᠦ ᠬᠠᠮᠢᠶᠡᠷᠦᠯᠳᠡ ᠶᠢᠨ ᠠᠷᠭ᠎ᠠ︾ | ︵2010 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 179 ᠳ᠋ᠣᠭᠡᠷ ᠲᠣᠭᠠᠲᠤ ᠪᠠᠷ ᠨᠡᠶᠢᠲᠡᠯᠡᠵᠦ᠂ 2018 ᠣᠨ ᠤ 1 ᠳ᠋ᠣᠭᠡᠷ ᠰᠠᠷ᠎ᠠ ᠶᠢᠨ 16 ᠤ ᠡᠳᠦᠷ ᠲᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 230 ᠳ᠋ᠤᠭᠠᠷ ᠲᠣᠭᠠᠲᠤ ᠶᠢ ᠦᠨᠳᠦᠰᠦᠯᠡᠨ ᠵᠠᠰᠠᠪᠤᠷᠢ ᠣᠷᠣᠭᠤᠯᠪᠠ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | | | |