ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠᠷ ᠬᠥᠮᠥᠨ ᠬᠥᠮᠥᠵᠢᠭᠦᠯᠬᠦ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/4/18
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠲᠣᠮᠣ ᠵᠠᠭᠪᠤᠷ ᠤᠨ ᠴᠠᠭ ᠦᠶ᠎ᠡ ᠶᠢᠨ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠷᠢᠯᠳᠦᠭᠦᠯᠪᠡᠰᠦ ᠵᠣᠬᠢᠬᠤ ᠬᠡᠪ ᠪᠣᠯᠪᠠᠰᠤᠷᠠᠯ︾ ᠭᠡᠬᠦ ᠲᠠᠶᠢᠯᠤᠮᠵᠢ ᠤᠶᠢᠷ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠵᠤ᠂ 2025 ᠣᠨ ᠤ ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠᠷ ᠬᠥᠮᠥᠨ ᠬᠥᠮᠥᠵᠢᠭᠦᠯᠬᠦ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯᠯᠠᠭ᠎ᠠ ᠶᠢᠨ ᠬᠥᠰᠢᠭᠡ ᠶᠢ ᠨᠡᠭᠡᠭᠡᠪᠡ᠃       ᠲᠤᠰ ᠤᠳᠠᠭ᠎ᠠ ᠶᠢᠨ ᠲᠠᠶᠢᠯᠤᠮᠵᠢ ᠳᠤ ᠾᠧᠪᠸᠢ ᠶᠢᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠦᠢᠯᠡᠰ ᠪᠣᠰᠬᠠᠬᠤ ᠬᠠᠮᠢᠶᠠᠷᠤᠯᠲᠠ ᠶᠢᠨ ᠳᠡᠳ᠋ ᠫᠷᠤᠹᠧᠰᠰᠤᠷ ᠵᠦ ᠶᠠᠨ ᠺᠦᠩ ︽ᠲᠣᠮᠣ ᠵᠠᠭᠪᠤᠷ ᠤᠨ ᠴᠠᠭ ᠦᠶ᠎ᠡ ᠶᠢᠨ ᠠᠵᠢᠯ ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠨᠳᠤᠰᠢ ᠳᠤ ᠵᠣᠬᠢᠴᠠᠬᠤ ᠰᠢᠨ᠎ᠡ ᠶᠢ ᠡᠭᠦᠳᠬᠦ ᠬᠡᠪ ᠪᠣᠯᠪᠠᠰᠤᠷᠠᠯ ᠢ ᠬᠡᠷᠬᠢᠨ ᠬᠥᠮᠥᠵᠢᠭᠦᠯᠬᠦ ᠪᠤᠢ︾ ᠭᠡᠬᠦ ᠰᠡᠳᠦᠪ ᠢᠶᠠᠷ ᠮᠠᠨ ᠤ ᠤᠷᠤᠨ ᠤ ᠰᠤᠷᠤᠭᠴᠢᠳ ᠲᠤ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠵᠢᠯᠣᠭᠤᠳᠤᠯᠭ᠎ᠠ ᠬᠠᠩᠭᠠᠵᠤ᠂ ᠠᠬᠤᠢ ᠳᠠᠯᠠᠪᠠᠢ ᠪᠠ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢ ᠬᠦᠯᠢᠶᠡᠨ ᠦᠵᠡᠭᠰᠡᠳ 2.3 ᠲᠦᠮᠡᠨ ᠬᠥᠮᠥᠨ ᠤᠳᠠᠭ᠎ᠠ ᠳᠤ ᠬᠦᠷᠴᠡᠢ᠃       ᠣᠶᠢᠯᠠᠭᠠᠭᠰᠠᠨ ᠢᠶᠠᠷ᠂ 4 ᠰᠠᠷ᠎ᠠ ᠠᠴᠠ 5 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠᠷ ᠬᠥᠮᠥᠨ ᠬᠥᠮᠥᠵᠢᠭᠦᠯᠬᠦ ᠭᠤᠣᠯ ᠰᠡᠳᠦᠪᠲᠦ ᠬᠥᠮᠦᠵᠢᠯ ᠤᠨ ᠰᠢᠷᠢᠰ ᠠᠵᠢᠯᠯᠠᠭ᠎ᠠ ᠨᠢ ᠪᠠᠰᠠ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠵᠤ᠂ ᠥᠷᠭᠡᠨ ᠣᠯᠠᠨ ᠰᠤᠷᠤᠭᠴᠢᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠵᠥᠪ ᠠᠵᠢᠯ ᠣᠯᠬᠤ ᠦᠵᠡᠯᠲᠡ᠂ ᠠᠵᠢᠯ ᠰᠣᠩᠭᠤᠬᠤ ᠦᠵᠡᠯᠲᠡ ᠶᠢ ᠪᠣᠶ ᠪᠣᠯᠭᠠᠵᠤ᠂ ᠠᠵᠢᠯ ᠣᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠡᠷᠲᠡ ᠠᠵᠢᠯ ᠣᠯᠬᠤ ᠶᠢ ᠪᠡᠶᠡᠯᠡᠭᠦᠯᠬᠦ ᠪᠤᠯᠤᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ