ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ | 75 ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ ᠲᠤᠮᠤ ᠤᠯᠤᠰ ᠮᠥᠨ᠂ ︽ᠪᠦᠬᠦ | ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠪᠦᠷᠢᠯᠳᠦᠬᠦᠨ ᠮᠦᠨ ᠪᠠᠶᠢᠵᠤ᠂ ᠪᠦᠷ ᠲᠤᠰ ᠲᠤᠰ ᠤᠨ ᠢᠶᠠᠨ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ ᠬᠠᠨᠢᠲᠠᠨ | ᠪᠤᠯᠵᠤ᠂ ︽ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ ᠬᠤᠶᠠᠷ ᠤᠯᠤᠰ ᠪᠣᠯᠤᠨ ᠬᠤᠶᠠᠷ | ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠭᠡᠳᠡᠭ ᠢ ᠳᠤᠮᠳᠠᠳᠤ ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ | ᠶᠠᠪᠤᠴᠠ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ | ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠲᠤᠮᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ | ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ | ᠲᠦᠢᠯᠵᠢᠯᠲᠡ ᠪᠣᠯᠤᠨ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ | ᠳᠤᠮᠳᠠᠳᠤ ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ ᠳᠤᠮᠳᠠᠳᠤ ᠡᠨᠡᠳᠭᠡᠭ ᠤᠨ | ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ | ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃ | ᠮᠥᠸᠧᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠪᠠᠶᠢᠵᠤ᠂ ᠪᠦᠬᠦ ᠪᠥᠮᠪᠥᠷᠴᠡᠭ ᠤᠨ ᠭᠤᠷᠪᠠᠨ ᠤ ᠨᠢᠭᠡ | ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠤᠯᠬᠤᠶᠢᠴᠠ ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ | ᠪᠣᠯᠤᠨ ᠳᠡᠯᠡᠬᠡᠶ ᠳ᠋ᠠᠬᠢᠨ ᠳᠤ ᠠᠵᠠ ᠵᠢᠷᠭᠠᠯ ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ | ᠠᠵᠠ ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ ᠭᠡᠵᠦ ᠢᠯᠡᠳᠭᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠢ ᠰᠠᠶᠢᠳ ᠮᠦᠸᠧᠳᠢ ᠬᠠᠷᠢᠯᠴᠠᠨ | ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ | ᠦᠭᠡᠢ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ | ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃ | ᠮᠦᠸᠧᠳᠢ᠂ ᠡᠨᠡᠳᠭᠡᠭ ᠪᠣᠯᠤᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ ᠬᠥᠮᠦᠨ ᠲᠥᠷᠥᠯᠬᠢᠲᠡᠨ ᠤ ᠲᠡᠦᠬᠡ ᠶᠢ | ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ | ᠡᠭᠦᠷᠭᠡᠯᠡᠵᠦ ᠪᠠᠶᠢᠨ᠎ᠠ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠠᠰᠢᠭᠲᠠᠢ ᠪᠠᠷ ᠪᠠᠷᠠᠬᠤ | ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠬᠤ ᠶᠢ ᠬᠦᠳᠦᠯᠦᠨ ᠳᠠᠭᠠᠭᠤᠯᠬᠤ ᠪᠣᠯᠤᠨ᠎ᠠ ᠭᠡᠵᠦ | ᠢᠯᠡᠳᠭᠡᠪᠡ᠃ |