ᠰᠢᠨ᠎ᠡ ᠪᠠᠷᠭᠤ ᠪᠠᠷᠠᠭᠤᠨ ᠬᠤᠰᠢᠭᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/2
      4 ᠰᠠᠷ᠎ᠠ ᠶᠢᠨ 1 ᠤ ᠡᠳᠦᠷ᠂ ᠮᠠᠨ ᠤ ᠬᠤᠰᠢᠭᠤ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠤᠯᠠᠮᠵᠢᠯᠠᠯᠲᠤ ᠲᠠᠬᠢᠯᠭ᠎ᠠ ᠶᠢᠨ ᠦᠵᠡᠯᠲᠡ ᠢᠶᠠᠨ ᠬᠤᠪᠢᠷᠠᠭᠤᠯᠵᠤ᠂ ᠪᠣᠯᠪᠠᠰᠤᠨ ᠲᠠᠬᠢᠯᠭ᠎ᠠ ᠬᠢᠵᠦ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠬᠦᠲᠦᠯᠦᠨ ᠵᠢᠯᠣᠭᠤᠳᠪᠠ᠃      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠲᠣᠭᠲᠠᠭᠰᠠᠨ ᠴᠡᠭ ᠲᠤ ᠲᠠᠬᠢᠯᠭ᠎ᠠ ᠶᠢᠨ ᠪᠣᠳᠠᠰ ᠰᠢᠲᠠᠭᠠᠬᠤ ᠬᠠᠶᠢᠷᠴᠠᠭ ᠭᠠᠷᠭᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠲᠥᠪᠯᠡᠷᠡᠭᠦᠯᠦᠨ ᠲᠠᠬᠢᠯᠭ᠎ᠠ ᠬᠢᠯᠭᠡᠵᠦ᠂ ᠭᠠᠯ ᠤᠨ ᠠᠶᠤᠯ ᠤᠨ ᠳᠠᠯᠳᠠ ᠬᠡᠮ ᠪᠠ ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠶ ᠪᠠᠭᠠᠰᠬᠠᠪᠠ᠃ ᠠᠭᠤᠳᠠᠮ ᠲᠠᠯᠠᠪᠠᠢ᠂ ᠭᠤᠣᠯ ᠵᠡᠭᠡᠯᠢ ᠭᠤᠳᠤᠮᠵᠢ ᠳᠤ᠂ ᠠᠵᠢᠯᠲᠠᠳ ᠤᠯᠠᠨ ᠲᠦᠮᠡᠨ ᠳᠤ ᠰᠣᠷᠭᠤᠭ ᠴᠡᠴᠡᠭ ᠤᠨ ᠲᠠᠬᠢᠯᠭ᠎ᠠ᠂ ᠰᠦᠯᠵᠢᠶᠡᠨ ᠤ ᠲᠠᠬᠢᠯᠭ᠎ᠠ ᠵᠡᠷᠭᠡ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠪᠠᠷ ᠬᠦᠵᠢ ᠠᠰᠠᠭᠠᠬᠤ ᠵᠡᠷᠭᠡ ᠤᠯᠠᠮᠵᠢᠯᠠᠯᠲᠤ ᠲᠠᠬᠢᠯᠭ᠎ᠠ ᠶᠢᠨ ᠠᠷᠭ᠎ᠠ ᠪᠠᠷᠢᠯ ᠢ ᠣᠷᠣᠯᠠᠭᠤᠯᠬᠤ ᠶᠢ ᠢᠳᠡᠪᠬᠢᠲᠡᠢ ᠰᠠᠨᠠᠭᠠᠴᠢᠯᠠᠪᠠ᠃ ᠡᠭᠦᠨ ᠤ ᠬᠠᠮᠲᠤ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠱᠠᠭᠠᠷᠳᠠᠯᠭ᠎ᠠ ᠶᠢ ᠲᠦᠭᠡᠮᠡᠯᠵᠢᠭᠦᠯᠵᠦ᠂ ᠲᠠᠬᠢᠯᠭ᠎ᠠ ᠶᠢᠨ ᠠᠵᠢᠯᠯᠠᠭ᠎ᠠ ᠠᠴᠠ ᠪᠣᠯᠵᠤ ᠭᠠᠷᠴᠤ ᠮᠡᠳᠡᠬᠦ ᠭᠠᠯ ᠤᠨ ᠠᠶᠤᠯ ᠤᠨ ᠲᠦᠭᠰᠢᠭᠦᠷᠢ ᠶᠢ ᠦᠨᠡᠨ ᠬᠦ ᠰᠡᠷᠭᠡᠶᠢᠯᠡᠪᠡ᠃      ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠪᠣᠯᠪᠠᠰᠤᠨ ᠬᠡᠪ ᠰᠤᠷᠲᠠᠯ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠠ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠪᠣᠯᠪᠠᠰᠤᠨ ᠢᠶᠠᠷ ᠲᠠᠬᠢᠯᠭ᠎ᠠ ᠬᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠯᠪᠠᠰᠤᠨ ᠳᠠᠬᠢᠯᠭ᠎ᠠ ᠬᠢᠬᠦ ᠰᠢᠨ᠎ᠡ ᠰᠤᠷᠲᠠᠯ ᠢ ᠰᠠᠨᠠᠭᠠᠴᠢᠯᠠᠵᠤ᠂ ᠪᠣᠬᠢᠷᠲᠤᠯ ᠦᠭᠡᠢ ᠲᠠᠬᠢᠯᠭ᠎ᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠨ᠎ᠠ᠃      ᠣᠳᠣᠬᠠᠨ ᠳᠤ᠂ ᠮᠠᠨ ‍ᠤ‌‍ᠨ ᠬᠤᠰᠢᠭᠤ ᠪᠠᠯᠭᠠᠰᠤᠨ ᠤ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ ᠳᠤ ᠲᠠᠬᠢᠯᠭ᠎ᠠ ᠶᠢᠨ ᠪᠣᠳᠠᠰ ᠰᠢᠲᠠᠭᠠᠬᠤ ᠬᠠᠶᠢᠷᠴᠠᠭ ᠭᠠᠷᠭᠠᠵᠤ᠂ ᠤᠯᠠᠨ ᠲᠦᠮᠡᠨ ᠤ ᠪᠣᠯᠪᠠᠰᠤᠨ ᠲᠠᠬᠢᠯᠭ᠎ᠠ ᠬᠢᠬᠦ ᠳᠤ ᠲᠦᠬᠦᠮ ᠦᠵᠡᠭᠦᠯᠵᠦ ᠪᠠᠶᠢᠨ᠎ᠠ᠃ ᠰᠢᠲᠠᠭᠠᠬᠤ ᠬᠠᠶᠢᠷᠴᠠᠭ ᠤᠨ ᠣᠷᠣᠨ ᠪᠠᠶᠢᠷᠢ ᠨᠢ᠄ ᠠᠯᠳ᠋ᠬᠠᠮᠡᠭᠡᠯ ᠪᠠᠯᠭᠠᠰᠤ ᠶᠢᠨ ᠡᠮᠦᠨ᠎ᠡ ᠭᠠᠷᠬᠤ ᠡᠭᠦᠳᠡᠨ ᠤ ᠭᠤᠷᠪᠠᠯᠵᠢᠨ ᠠᠭᠤᠳᠠᠮ ᠲᠠᠯᠠᠪᠠᠢ᠂ ᠪᠠᠷᠭᠤ ᠰᠠᠭᠤᠭᠠᠯᠢ ᠲᠣᠭᠤᠷᠢᠭ ᠤᠨ ᠲᠤᠨᠤᠯᠵᠢᠨ ᠵᠠᠮ ᠤᠨ ᠠᠭᠤᠯᠵᠠᠷ᠂ ᠮᠢᠨ ᠯᠧ ᠲᠣᠭᠤᠷᠢᠭ ᠤᠨ ᠲᠣᠨᠣᠯᠵᠢᠨ ᠵᠠᠮ᠂ ᠡᠳ᠋ ᠤᠨ ᠵᠠᠰᠠᠭ ᠤᠨ ᠲᠣᠪᠴᠢᠶ᠎ᠠ ᠶᠢᠨ ᠡᠭᠦᠳᠡᠨ ᠡᠮᠦᠨᠡᠬᠢ ᠲᠣᠭᠤᠷᠢᠭ ᠵᠠᠮ ᠵᠢᠴᠢ ᠪᠣᠶᠢᠷ ᠶᠡᠭᠡ ᠬᠥᠭᠦᠷᠭᠡ ᠶᠢᠨ ᠬᠤᠶᠢᠲᠤ ᠲᠣᠨᠣᠯᠵᠢᠨ ᠵᠠᠮ ᠵᠡᠷᠭᠡ ᠭᠠᠵᠠᠷ ᠲᠤ ᠪᠣᠢ᠃ ᠥᠷᠭᠡᠨ ᠣᠯᠠᠨ ᠰᠠᠭᠤᠭᠠᠯᠢ ᠠᠷᠠᠳ ᠤᠬᠠᠮᠰᠠᠷ ᠠᠴᠠ ᠪᠠᠨ ᠲᠣᠭᠲᠠᠭᠰᠠᠨ ᠴᠡᠭ ᠲᠤ ᠬᠦᠷᠴᠦ ᠲᠠᠬᠢᠯᠭ᠎ᠠ ᠶᠢᠨ ᠪᠣᠳᠠᠰ ᠰᠢᠲᠠᠭᠠᠵᠤ᠂ ᠴᠡᠪᠡᠷ ᠲᠡᠭᠰᠢ ᠡᠮᠬᠢ ᠵᠢᠷᠤᠮ ᠲᠠᠢ ᠪᠠᠷ ᠬᠤᠲᠠ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ᠂ ᠪᠣᠯᠪᠠᠰᠤᠨ ᠠᠵᠢᠯᠯᠠᠭ᠎ᠠ ᠪᠠᠷ ᠢᠶᠠᠨ ᠪᠣᠬᠢᠷᠲᠤᠯ ᠥᠬᠡᠶ ᠬᠡᠷ ᠣᠷᠣᠨ ᠢᠶᠠᠨ ᠰᠠᠬᠢᠨ ᠬᠠᠮᠠᠭᠠᠯᠠᠬᠤ ᠶᠢ ᠤᠷᠢᠶᠠᠯᠠᠵᠤ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ