ᠣᠷᠣᠰᠢᠭᠤᠯᠭ᠎ᠠ ᠶᠢᠨ ᠬᠦᠷᠢᠶᠡᠨ ᠳᠠᠬᠢ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ | ᠵᠠᠬ᠎ᠠ ᠳᠡᠯᠭᠡᠭᠦᠷ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ | ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠲᠤ ᠬᠠᠩᠰᠢ ᠶᠢᠨ ᠡᠳᠦᠷ ᠠᠴᠠ ᠡᠮᠦᠨᠡᠬᠢ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | ᠬᠠᠤᠯᠢ ᠬᠡᠷᠡᠭᠵᠢᠭᠦᠯᠬᠦ ᠠᠵᠢᠯᠲᠠᠨ ᠣᠷᠣᠰᠢᠭᠤᠯᠭ᠎ᠠ ᠶᠢᠨ ᠬᠡᠷᠡᠭᠰᠡᠯ ᠤᠨ ᠳᠡᠯᠭᠡᠭᠦᠷ ᠲᠤ ᠦᠨᠡᠮᠯᠡᠯ ᠥᠬᠡᠶ ᠪᠠᠷ ᠡᠵᠡᠩᠨᠡᠬᠦ᠂ ᠹᠧᠣᠳᠠᠯ ᠤᠨ ᠮᠤᠬᠤᠷ ᠪᠢᠰᠢᠷᠡᠯ ᠤᠨ | ᠣᠷᠣᠰᠢᠭᠤᠯᠭ᠎ᠠ ᠶᠢᠨ ᠬᠡᠷᠡᠭᠰᠡᠯ ᠪᠣᠷᠣᠯᠠᠭᠤᠯᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ | ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠦᠨᠡᠮᠯᠡᠯ᠂ ᠪᠠᠷᠠᠭ᠎ᠠ ᠣᠷᠣᠭᠤᠯᠬᠤ ᠪᠣᠷᠣᠯᠠᠭᠤᠯᠭ᠎ᠠ ᠶᠢᠨ ᠡᠬᠡ | ᠲᠠᠩᠰᠠ ᠶᠢ ᠴᠢᠩᠭ᠎ᠠ ᠪᠠᠶᠢᠴᠠᠭᠠᠨ ᠦᠵᠡᠵᠦ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ᠂ ᠦᠨ᠎ᠡ ᠬᠠᠩᠰᠢ ᠶᠢᠨ ᠮᠡᠬᠡᠯᠡᠯ ᠬᠢᠬᠦ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠦᠯᠢᠶᠣᠣ᠂ ᠠᠷᠠᠳ ᠤᠨ ᠵᠣᠭᠤᠰ ᠤᠨ ᠳᠠᠭᠤᠷᠢᠶᠠᠮᠠᠯ ᠵᠣᠭᠤᠰ ᠵᠡᠷᠭᠡ ᠠᠮᠠᠷᠬᠠᠨ ᠵᠠᠳᠠᠷᠠᠬᠤ | ᠥᠬᠡᠶ ᠪᠤᠶᠤ ᠹᠧᠣᠳᠠᠯ ᠤᠨ ᠮᠤᠬᠤᠷ ᠪᠢᠰᠢᠷᠡᠯ ᠤᠨ ᠥᠩᠭᠡ ᠪᠤᠳᠤᠭ ᠢᠶᠠᠷ ᠭᠦᠨ ᠵᠤᠵᠠᠭᠠᠨ ᠲᠠᠬᠢᠯᠭ᠎ᠠ ᠶᠢᠨ ᠬᠡᠷᠡᠭᠰᠡᠯ ᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ | ᠬᠤᠳᠠᠯᠳᠤᠭᠠᠴᠢᠳ ᠢ ᠰᠣᠷᠭᠤᠭ ᠴᠡᠴᠡᠭ᠂ ᠨᠣᠭᠤᠭᠠᠨ ᠤᠷᠭᠤᠮᠠᠯ ᠵᠡᠷᠭᠡ ᠣᠷᠴᠢᠨ ᠠᠬᠤᠶ ᠶᠢᠨ ᠬᠠᠮᠠᠭᠠᠯᠠᠯᠲᠠ ᠶᠢᠨ ᠵᠦᠢᠯᠡᠰ ᠢᠶᠠᠷ ᠣᠷᠤᠯᠠᠭᠤᠯᠬᠤ ᠶᠢ ᠰᠠᠨᠠᠭᠤᠯᠪᠠ᠃ | ᠲᠣᠰ ᠤᠳᠠᠭᠠᠨ ᠤ ᠪᠠᠶᠢᠴᠠᠭᠠᠯᠲᠠ ᠨᠢ ᠣᠷᠣᠰᠢᠭᠤᠯᠭ᠎ᠠ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠳᠠᠷᠠᠭᠠᠴᠢ ᠪᠠᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠦᠷᠭᠦᠯᠵᠢᠯᠡᠨ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ᠂ ︽ᠬᠤᠶᠠᠷ ᠢ ᠰᠤᠭᠤᠴᠢᠬᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ 12315᠂ | 12345 ᠵᠡᠷᠭᠡ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ | ᠰᠢᠢᠳᠪᠦᠷᠢᠯᠡᠨ᠎ᠡ᠃ ᠡᠭᠦᠨ ᠤ ᠬᠠᠮᠲᠤ᠂ ︽ᠬᠠᠤᠯᠢ ᠬᠡᠷᠡᠭᠵᠢᠭᠦᠯᠬᠦ ᠬᠠᠤᠯᠢ ᠲᠦᠭᠡᠮᠡᠯᠵᠢᠭᠦᠯᠬᠦ︾ ᠠᠷᠭ᠎ᠠ ᠮᠠᠶ᠋ᠢᠭ ᠲᠠᠢ ᠤᠶᠠᠯᠳᠤᠭᠤᠯᠤᠨ᠂ ᠪᠣᠯᠪᠠᠰᠤᠨ ᠲᠠᠬᠢᠯᠭ᠎ᠠ ᠶᠢᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ ᠤ ᠲᠠᠬᠢᠯᠭ᠎ᠠ᠂ ᠰᠣᠷᠭᠤᠭ ᠴᠡᠴᠡᠭ ᠤᠨ ᠲᠠᠬᠢᠯᠭ᠎ᠠ ᠵᠡᠷᠭᠡ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠲᠠᠬᠢᠯᠭ᠎ᠠ ᠶᠢᠨ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | | | |