ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠠᠯᠵᠢᠶ᠎ᠠ ᠬᠤᠳᠠᠯᠳᠤᠭᠠᠨ ᠤ ᠬᠦᠷᠢᠶᠡᠨ ᠤ ᠠᠮᠤᠷ | ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ 3 ᠰᠠᠷ᠎ᠠ ᠶᠢᠨ 31 ᠤ ᠡᠳᠦᠷ ᠠᠴᠠ 4 | ᠰᠠᠷ᠎ᠠ ᠶᠢᠨ 1 ᠤ ᠡᠳᠦᠷ ᠪᠣᠯᠲᠠᠯ᠎ᠠ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠪᠣᠷᠤᠯᠠᠭᠤᠯᠬᠤ᠂ ᠮᠠᠰᠢᠨ ᠲᠡᠷᠭᠡᠨ ᠤ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠲᠤᠰᠬᠠᠢ ᠲᠥᠷᠥᠯ ᠤᠨ ᠠᠮᠤᠷ ᠲᠦᠪᠰᠢᠨ ᠤ ᠪᠠᠢᠴᠠᠭᠠᠯᠲᠠ ᠬᠢᠵᠦ᠂ | ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠡᠷᠡᠭᠯᠡᠭᠡᠨ ᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠰᠠᠬᠢᠨ ᠬᠠᠮᠠᠭᠠᠯᠠᠪᠠ᠃ | | | | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠠᠵᠢᠯᠯᠠᠵᠤ ᠪᠠᠶᠢᠭ᠎ᠠ | ᠬᠥᠮᠦᠰ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠨ᠂ ᠪᠥᠬᠦ ᠬᠤᠰᠢᠭᠤᠨ ᠤ ᠠᠷᠠᠯᠵᠢᠶ᠎ᠠ ᠬᠤᠳᠠᠯᠳᠤᠭᠠᠨ ᠤ | ᠬᠦᠷᠢᠶᠡᠨ ᠳᠠᠬᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠭᠠᠳᠠᠭᠠᠳᠤ ᠶᠠᠪᠤᠳᠠᠯ ᠤᠨ ᠠᠯᠪᠠᠨ ᠬᠡᠷ ᠬᠠᠷᠢᠶ᠎ᠠ ᠣᠷᠣᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠦᠷᠭᠦᠯᠵᠢᠯᠡᠨ ᠪᠠᠲᠤ ᠰᠠᠬᠢᠵᠤ᠂ ᠪᠠᠶᠢᠴᠠᠭᠠᠬᠤ ᠪᠠ ᠵᠢᠯᠣᠭᠤᠳᠬᠤ ᠡᠷᠴᠢᠮ ᠢ ᠴᠢᠩᠭᠠᠷᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠪᠠ ᠬᠡᠮ ᠰᠣᠭᠤᠭ ᠢ ᠴᠠᠭ | ᠲᠤᠬᠠᠶ ᠳᠤᠨᠢ ᠢᠯᠡᠷᠡᠭᠦᠯᠬᠦ ᠶᠢᠨ ᠬᠠᠮᠲᠤ ᠬᠦᠴᠦᠯᠡᠨ ᠰᠢᠢᠳᠪᠦᠷᠢᠯᠡᠵᠦ᠂ ᠬᠠᠮᠢᠶ᠎ᠠ ᠪᠥᠬᠦᠶ ᠨᠢᠭᠡᠴᠡ ᠶᠢᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠬᠦ ᠶᠢ ᠱᠠᠯᠠᠪᠳᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ | ᠃ | | | |