ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠢᠳᠡᠭᠡᠨ ᠤ ᠵᠠᠷ ᠮᠡᠳᠡᠭᠡᠨ ᠤ ︽ᠠᠮᠤᠷ ᠲᠦᠪᠰᠢᠨ ᠤ ᠨᠡᠭᠡᠯᠡᠬᠡᠶ︾ ᠶᠢ ᠴᠢᠩᠭᠠᠯᠠᠪᠠ
ᠨᠡᠶᠢᠲᠡᠯᠡᠭᠰᠡᠨ ᠴᠠᠭ᠄
2025/4/2
      ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠵᠤ᠂ ᠡᠷᠡᠭᠦᠯ ᠪᠥᠭᠡᠳ ᠡᠮᠬᠢ ᠵᠢᠷᠤᠮ ᠲᠠᠢ ᠮᠢᠬᠠᠨ ᠤ ᠢᠳᠡᠭᠡᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ᠬᠠᠩᠰᠢ ᠶᠢᠨ ᠡᠳᠦᠷ ᠠᠴᠠ ᠡᠮᠦᠨ᠎ᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠮᠢᠬᠠᠨ ᠤ ᠢᠳᠡᠭᠡᠨ ᠤ ᠬᠤᠳᠠᠯ ᠬᠠᠭᠤᠷᠮᠠᠭ ᠵᠠᠷ ᠮᠡᠳᠡᠭᠡ ᠶᠢ ᠲᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠥᠷᠨᠢᠭᠦᠯᠪᠡ᠃
4.2安全阀2.jpg
      ᠬᠠᠤᠯᠢ ᠬᠡᠷᠡᠭᠵᠢᠭᠦᠯᠬᠦ ᠠᠵᠢᠯᠲᠠᠨ ᠮᠢᠬᠠᠨ ᠤ ᠪᠦᠲᠦᠭᠡᠭᠳᠡᠬᠦᠨ ᠪᠣᠷᠣᠯᠠᠭᠤᠯᠬᠤ ᠳᠡᠯᠭᠡᠭᠦᠷ᠂ ᠬᠡᠲᠦ ᠳᠡᠯᠭᠡᠭᠦᠷ ᠤᠨ ᠮᠢᠬᠠᠨ ᠤ ᠵᠦᠢᠯ ᠤᠨ ᠲᠤᠰᠬᠠᠶ ᠲᠣᠭᠤᠷᠢᠭ ᠪᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠪᠠᠷ ᠭᠤᠤᠯᠳᠠᠯᠭ᠎ᠠ ᠪᠣᠯᠭᠠᠵᠤ᠂ ᠬᠤᠳᠠᠯ ᠬᠠᠭᠤᠷᠮᠠᠭ ᠤᠬᠠᠭᠤᠯᠭ᠎ᠠ ᠶᠢᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠦᠢᠯᠡᠳᠬᠦᠨ ᠤ ᠦᠢᠯᠡᠳᠦᠯ ᠢ ᠶᠡᠬᠡᠰᠬᠡᠬᠦ ᠵᠠᠷ ᠮᠡᠳᠡᠭᠡ᠂ ᠬᠤᠳᠠᠯ ᠬᠠᠭᠤᠷᠮᠠᠭ ᠢᠶᠠᠷ ᠲᠦᠭᠦᠬᠡᠶ ᠮᠠᠲ᠋ᠧᠷᠢᠶᠠᠯ ᠤᠨ ᠪᠦᠷᠢᠯᠳᠦᠬᠦᠨ ᠪᠠᠶᠢᠬᠤ ᠡᠰᠡᠬᠦ ᠳᠤ ᠠᠩᠬᠠᠷᠤᠯ ᠢᠶᠠᠨ ᠲᠥᠪᠯᠡᠷᠡᠭᠦᠯᠪᠡ᠃ 18 ᠡᠵᠡᠩᠨᠡᠯᠲᠡ ᠶᠢᠨ ᠭᠤᠤᠯ ᠴᠣᠭᠴᠠ ᠶᠢ ᠨᠠᠷᠢᠨ ᠪᠠᠶᠢᠴᠠᠭᠠᠬᠤ ᠪᠠᠷ ᠳᠡᠮᠵᠢᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠤᠬᠠᠭᠤᠯᠭ᠎ᠠ ᠶᠢᠨ ᠦᠢᠯᠡ ᠠᠵᠢᠯᠯᠠᠭ᠎ᠠ ᠶᠢ ᠲᠦᠷ ᠣᠯᠵᠤ ᠮᠡᠳᠡᠭᠰᠡᠨ ᠥᠬᠡᠶ᠃      ᠪᠠᠶᠢᠴᠠᠭᠠᠬᠤ ᠬᠤᠭᠤᠴᠠᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠳ ᠡᠵᠡᠩᠨᠡᠯᠲᠡ ᠶᠢᠨ ᠡᠷᠦᠬᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠵᠡᠷᠭᠡᠪᠡᠷ ᠲᠦᠭᠡᠮᠡᠯᠵᠢᠭᠦᠯᠵᠦ᠂ ᠲᠡᠳᠡᠨ ᠤ ᠬᠠᠤᠯᠢ ᠶᠣᠰᠣᠭᠠᠷ ᠡᠵᠡᠩᠨᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠬᠤᠳᠠᠯ ᠬᠠᠭᠤᠷᠮᠠᠭ ᠵᠠᠷ ᠮᠡᠳᠡᠭᠡ ᠶᠢ ᠡᠬᠢ ᠡᠭᠦᠰᠦᠯ ᠠᠴᠠ ᠨᠢ ᠰᠡᠷᠭᠡᠶᠢᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ